ᠤᠴᠢ ᠰᠤᠷᠭᠠᠨ ᠬᠦᠮᠦᠵᠢᠯ
  ᠤᠴᠢ ᠰᠤᠷᠭᠠᠨ ᠬᠦᠮᠦᠵᠢᠯ    
      
  8466
   23
   2017-12-16
   2018-07-19
  20
 
 
【       】
ᠪᠦᠬᠦᠳᠡ ᠨᠠᠶᠢᠷᠠᠮᠳᠠᠬᠤ ᠲᠤᠮᠳᠠᠳᠤ ᠠᠷᠠᠥᠨ ᠤᠯᠤᠰ ᠤᠨ ᠦᠢᠯᠡᠥᠨᠬᠦᠨ ᠤ ᠶᠠᠰᠤ ᠴᠢᠨᠠᠷ ᠤᠨ ᠬᠠᠥᠯᠢ

1993 ᠤᠨ ᠤ 2 ᠰᠠᠷ᠎ᠠ ᠶᠢᠨ 22 ᠤᠨ ᠡᠳᠦᠷ ᠲᠤᠯᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠭᠤᠴᠢᠳᠤᠭᠠᠷ ᠬᠤᠷᠠᠯᠳᠤᠭᠠᠨ ᠠᠴᠠ ᠪᠠᠳᠤᠯᠠᠪᠠ 2000 ᠤᠨ ᠤ 7 ᠰᠠᠷ᠎ᠠ ᠶᠢᠨ 8 ᠤ ᠡᠳᠦᠷ ᠤᠨ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠷᠠᠯᠳᠤᠭᠠᠨ ᠤ ︽︿ᠪᠦᠬᠦᠳᠡ
ᠨᠠᠶᠢᠷᠠᠮᠳᠠᠬᠤ ᠲᠤᠮᠳᠠᠳᠤ ᠠᠷᠠᠥᠨ ᠤᠯᠤᠰ ᠤᠨ ᠦᠢᠯᠡᠥᠨᠬᠦᠨ ᠤ ᠶᠠᠰᠤ ᠴᠢᠨᠠᠷ ᠤᠨ ᠬᠠᠥᠯᠢ﹀ ᠳᠤ ᠵᠠᠰᠠᠪᠤᠷᠢ ᠤᠷᠤᠭᠤᠯᠬᠤ ᠲᠤᠬᠠᠢ ᠲᠤᠭᠳᠠᠭᠠᠯ︾ ᠢ ᠦᠨᠳᠦᠰᠦᠯᠡᠨ ᠵᠠᠰᠠᠪᠠ 



      

ᠭᠠᠷᠴᠠᠭ
   

ᠨᠢᠭᠡᠳᠦᠭᠡᠷ ᠪᠦᠯᠦᠭ      ᠶᠡᠷᠦᠩᠭᠡᠢ ᠲᠦᠷᠢᠮ
   

ᠬᠤᠶᠠᠳᠤᠭᠠᠷ ᠪᠦᠯᠦᠭ      ᠦᠢᠯᠡᠥᠨᠬᠦᠨ ᠤ ᠶᠠᠰᠤ ᠴᠢᠨᠠᠷ ᠤᠨ ᠬᠢᠨᠠᠯᠳᠠ
   

ᠭᠤᠷᠪᠠᠳᠤᠭᠠᠷ ᠪᠦᠯᠦᠭ      ᠦᠢᠯᠡᠥᠨᠬᠦᠨ ᠤ ᠶᠠᠰᠤ ᠴᠢᠨᠠᠷ ᠤᠨ ᠲᠤᠬᠠᠢ ᠦᠢᠯᠡᠥᠨᠪᠦᠷᠢᠯᠡᠭᠴᠢᠥᠨ ᠬᠢᠭᠡᠥᠨ ᠪᠤᠷᠤᠯᠠᠭᠤᠯᠤᠭᠴᠢᠥᠨ ᠤᠨ ᠬᠠᠷᠢᠭᠤᠴᠠᠯᠭ᠎ᠠ ᠪᠠ ᠡᠭᠦᠷᠭᠡ
         

ᠨᠢᠭᠡᠳᠦᠭᠡᠷ ᠭᠡᠰᠡᠭ      ᠦᠢᠯᠡᠥᠨᠬᠦᠨ ᠤ ᠶᠠᠰᠤ ᠴᠢᠨᠠᠷ ᠤᠨ ᠲᠤᠬᠠᠢ ᠦᠢᠯᠡᠥᠨᠪᠦᠷᠢᠯᠡᠭᠴᠢᠥᠨ ᠤᠨ ᠬᠠᠷᠢᠭᠤᠴᠠᠯᠭ᠎ᠠ ᠪᠠ ᠡᠭᠦᠷᠭᠡ
         

ᠬᠤᠶᠠᠳᠤᠭᠠᠷ ᠭᠡᠰᠡᠭ      ᠦᠢᠯᠡᠥᠨᠬᠦᠨ ᠤ ᠶᠠᠰᠤ ᠴᠢᠨᠠᠷ ᠤᠨ ᠲᠤᠬᠠᠢ ᠪᠤᠷᠤᠯᠠᠭᠤᠯᠤᠭᠴᠢᠥᠨ ᠤᠨ ᠬᠠᠷᠢᠭᠤᠴᠠᠯᠭ᠎ᠠ ᠪᠠ ᠡᠭᠦᠷᠭᠡ
   

ᠲᠦᠷᠪᠡᠳᠦᠭᠡᠷ ᠪᠦᠯᠦᠭ      ᠬᠤᠬᠢᠷᠠᠯ ᠢ ᠲᠦᠯᠦᠬᠦ
   

ᠲᠠᠪᠤᠳᠤᠭᠠᠷ ᠪᠦᠯᠦᠭ      ᠰᠢᠥᠨᠭᠡᠬᠦ ᠲᠦᠷᠢᠮ
   

ᠵᠢᠷᠭᠤᠳᠤᠭᠠᠷ ᠪᠦᠯᠦᠭ      ᠲᠠᠭᠠᠯᠳᠤᠭᠤᠯᠤᠭᠰᠠᠨ ᠲᠦᠷᠢᠮ





ᠨᠢᠭᠡᠳᠦᠭᠡᠷ ᠪᠦᠯᠦᠭ      ᠶᠡᠷᠦᠩᠭᠡᠢ ᠲᠦᠷᠢᠮ
   

ᠨᠢᠭᠡᠳᠦᠭᠡᠷ ᠵᠦᠢᠯ    ᠦᠢᠯᠡᠥᠨᠬᠦᠨ ᠤ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢ ᠴᠢᠩᠭᠠᠥᠨᠬᠠᠵᠤ᠂ ᠦᠢᠯᠡᠥᠨᠬᠦᠨ ᠤ ᠶᠠᠰᠤ ᠴᠢᠨᠠᠷ ᠤᠨ ᠬᠢᠷᠢ ᠭᠡᠮᠵᠢᠶ᠎ᠡ ᠶᠢ ᠲᠡᠭᠡᠭᠰᠢᠯᠡᠬᠦᠯᠦᠨ᠂ ᠦᠢᠯᠡᠥᠨᠬᠦᠨ ᠤ ᠶᠠᠰᠤ ᠴᠢᠨᠠᠷ ᠤᠨ ᠬᠠᠷᠢᠭᠤᠴᠠᠯᠭ᠎ᠠ ᠶᠢ ᠲᠤᠳᠤᠷᠬᠠᠢᠢᠯᠠᠨ᠂ ᠭᠡᠷᠡᠭᠯᠡᠭᠴᠢᠥᠨ ᠤᠨ ᠬᠠᠥᠯᠢ ᠶᠤᠰᠤᠨ ᠤ ᠡᠷᠭᠡ ᠠᠰᠢᠭ ᠢ ᠬᠠᠮᠠᠭᠠᠯᠠᠵᠤ᠂ ᠨᠡᠶᠢᠭᠡᠮ ᠤᠨ ᠠᠵᠤ ᠠᠬᠤᠢ ᠶᠢᠨ ᠡᠮᠬᠢ ᠵᠢᠷᠤᠮ ᠢ ᠬᠠᠮᠠᠭᠠᠯᠠᠬᠤ  ᠶᠢᠨ ᠲᠦᠯᠦᠭᠡ ᠲᠤᠰ ᠬᠠᠥᠯᠢ ᠶᠢ ᠲᠤᠭᠳᠠᠭᠠᠪᠠ᠃
   

ᠬᠤᠶᠠᠳᠤᠭᠠᠷ ᠵᠦᠢᠯ    ᠪᠦᠭᠦᠳᠡ ᠨᠠᠶᠢᠷᠠᠮᠳᠠᠬᠤ ᠲᠤᠮᠳᠠᠳᠤ ᠠᠷᠠᠥᠨ ᠤᠯᠤᠰ ᠤᠨ ᠬᠢᠯᠢ ᠶᠢᠨ ᠲᠤᠳᠤᠷ᠎ᠠ ᠦᠢᠯᠡᠥᠨᠬᠦᠨ ᠦᠢᠯᠡᠥᠨᠪᠦᠷᠢᠯᠡᠬᠦ᠂ ᠪᠤᠷᠤᠯᠠᠭᠤᠯᠬᠤ ᠠᠵᠢᠯᠯᠠᠭ᠎ᠠ ᠬᠢᠬᠦ ᠳᠤ ᠡᠷᠭᠡᠪᠰᠢ ᠲᠤᠰ ᠬᠠᠥᠯᠢ ᠶᠢ ᠵᠢᠷᠤᠮᠯᠠᠬᠤ ᠭᠡᠷᠡᠭᠳᠡᠢ᠃ ᠲᠤᠰ ᠬᠠᠥᠯᠢ ᠳᠠᠬᠢ ᠦᠢᠯᠡᠥᠨᠬᠦᠨ ᠭᠡᠳᠡᠭ ᠪᠤᠯ ᠪᠤᠯᠪᠠᠰᠤᠷᠠᠭᠤᠯᠬᠤ᠂ ᠦᠢᠯᠡᠥᠨᠪᠦᠷᠢᠯᠡᠬᠦ ᠶᠠᠪᠤᠴᠠ ᠶᠢ
ᠦᠡᠭᠭᠡᠷᠡᠭᠡᠭᠡᠥᠨ᠂ ᠪᠤᠷᠤᠯᠠᠭᠤᠯᠤᠯᠳᠠ ᠳᠤ ᠤᠷᠤᠭᠤᠯᠬᠤ ᠦᠢᠯᠡᠥᠨᠬᠦᠨ ᠢ ᠭᠡᠯᠡᠵᠦ ᠪᠤᠢ᠃
   

ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠳᠤ ᠲᠤᠰ ᠬᠠᠥᠯᠢ ᠶᠢᠨ ᠲᠤᠭᠳᠠᠭᠠᠯ ᠢ ᠭᠡᠷᠡᠭᠯᠡᠬᠦ ᠦᠭᠡᠢ︔ ᠭᠡᠪᠡᠴᠦ ᠪᠦᠳᠦᠭᠡᠨ ᠪᠠᠢᠭᠤᠯᠤᠯᠳᠠ ᠶᠢᠨ ᠪᠠᠷᠢᠯᠭ᠎ᠠ ᠳᠤ ᠭᠡᠷᠡᠭᠯᠡᠬᠦ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠪᠦᠳᠦᠴᠡ ᠲᠤᠨᠤᠭ ᠰᠡᠯᠪᠢᠭᠡᠰᠦ ᠪᠠ ᠲᠦᠬᠦᠭᠡᠷᠦᠮᠵᠢ ᠨᠢ ᠡᠮᠦᠨᠡᠬᠢ ᠪᠠᠳᠠᠭ ᠲᠤ ᠲᠤᠭᠳᠠᠭᠠᠭᠰᠠᠨ ᠦᠢᠯᠡᠥᠨᠬᠦᠨ ᠤ ᠭᠡᠪᠴᠢᠶᠡᠨ ᠳᠤ ᠪᠠᠭᠳᠠᠵᠤ ᠪᠠᠶᠢᠪᠠᠯ ᠲᠤᠰ ᠬᠠᠥᠯᠢ ᠶᠢᠨ ᠲᠤᠭᠳᠠᠭᠠᠯ ᠢ ᠭᠡᠷᠡᠭᠯᠡᠨ᠎ᠡ᠃
   

ᠭᠤᠷᠪᠠᠳᠤᠭᠠᠷ ᠵᠦᠢᠯ    ᠦᠢᠯᠡᠥᠨᠪᠦᠷᠢᠯᠡᠭᠴᠢᠥᠨ᠂ ᠪᠤᠷᠤᠯᠠᠭᠤᠯᠤᠭᠴᠢᠥᠨ ᠦᠢᠯᠡᠥᠨᠬᠦᠨ ᠤ ᠶᠠᠰᠤ ᠴᠢᠨᠠᠷ ᠤᠨ ᠲᠤᠬᠠᠢ ᠲᠤᠳᠤᠭᠠᠳᠤ ᠶᠢᠨ ᠬᠠᠮᠢᠶᠠᠷᠤᠯᠳᠠ ᠶᠢᠨ ᠲᠦᠷᠢᠮ ᠢ ᠲᠤᠭᠳᠠᠭᠠᠨ ᠲᠡᠬᠦᠯᠳᠡᠷᠵᠢᠬᠦᠯᠵᠦ᠂ ᠠᠵᠢᠯ ᠤᠨ ᠪᠠᠶᠢᠷᠢ ᠶᠢᠨ ᠶᠠᠰᠤ ᠴᠢᠨᠠᠷ ᠤᠨ ᠲᠦᠷᠢᠮᠵᠢᠯ᠂ ᠶᠠᠰᠤ ᠴᠢᠨᠠᠷ ᠤᠨ ᠬᠠᠷᠢᠭᠤᠴᠠᠯᠭ᠎ᠠ ᠵᠢᠴᠢ ᠬᠢᠨᠠᠨ ᠰᠢᠯᠭᠠᠬᠤ ᠵᠤᠬᠢᠴᠠᠩᠭᠤᠢ ᠲᠦᠷᠢᠮ ᠢ ᠴᠢᠩᠭ᠎ᠠ ᠭᠡᠷᠡᠭᠵᠢᠬᠦᠯᠬᠦ ᠭᠡᠷᠡᠭᠳᠡᠢ᠃
   

   ᠲᠦᠷᠪᠡᠳᠦᠭᠡᠷ ᠵᠦᠢᠯ    ᠦᠢᠯᠡᠥᠨᠪᠦᠷᠢᠯᠡᠭᠴᠢᠥᠨ᠂ ᠪᠤᠷᠤᠯᠠᠭᠤᠯᠤᠭᠴᠢᠥᠨ ᠲᠤᠰ ᠬᠠᠥᠯᠢ ᠶᠢᠨ ᠲᠤᠭᠳᠠᠭᠠᠯ ᠶᠤᠰᠤᠭᠠᠷ ᠦᠢᠯᠡᠥᠨᠬᠦᠨ ᠤ ᠶᠠᠰᠤ ᠴᠢᠨᠠᠷ ᠤᠨ ᠬᠠᠷᠢᠭᠤᠴᠠᠯᠭ᠎ᠠ ᠶᠢ ᠡᠭᠦᠷᠭᠡᠯᠡᠨ᠎ᠡ᠃
   

ᠲᠠᠪᠤᠳᠤᠭᠠᠷ ᠵᠦᠢᠯ    ᠭᠡᠷᠡᠴᠢᠯᠡᠨ ᠮᠠᠭᠠᠥᠨᠯᠠᠭᠰᠠᠨ ᠲᠡᠮᠳᠡᠭ ᠵᠡᠷᠭᠡ ᠶᠠᠰᠤ ᠴᠢᠨᠠᠷ ᠤᠨ ᠲᠡᠮᠳᠡᠭ ᠢ ᠬᠠᠭᠤᠷᠮᠠᠭᠯᠠᠨ ᠵᠤᠬᠢᠶᠠᠬᠤ ᠪᠤᠶᠤ ᠬᠠᠭᠤᠷᠮᠠᠭᠯᠠᠨ ᠭᠡᠷᠡᠭᠯᠡᠬᠦ ᠶᠢ ᠴᠠᠭᠠᠵᠠᠯᠠᠨ᠎ᠠ︔ ᠦᠢᠯᠡᠥᠨᠬᠦᠨ ᠤ ᠦᠢᠯᠡᠥᠨᠪᠦᠷᠢᠯᠡᠭᠰᠡᠨ ᠭᠠᠵᠠᠷ ᠢ ᠬᠠᠭᠤᠷᠮᠠᠭᠯᠠᠨ ᠵᠤᠬᠢᠶᠠᠬᠤ᠂ ᠪᠤᠰᠤᠤᠨ ᠤᠨ ᠦᠢᠯᠡᠥᠨᠪᠦᠷᠢ ᠶᠢᠨ ᠨᠡᠷ᠎ᠡ᠂ ᠦᠢᠯᠡᠥᠨᠪᠦᠷᠢ ᠶᠢᠨ ᠬᠠᠶ᠋ᠢᠭ ᠢ ᠬᠠᠭᠤᠷᠮᠠᠭᠯᠠᠨ ᠵᠤᠬᠢᠶᠠᠬᠤ ᠪᠤᠶᠤ ᠬᠠᠭᠤᠷᠮᠠᠭᠯᠠᠨ ᠭᠡᠷᠡᠭᠯᠡᠬᠦ ᠶᠢ ᠴᠠᠭᠠᠵᠠᠯᠠᠨ᠎ᠠ︔ ᠦᠢᠯᠡᠥᠨᠪᠦᠷᠢᠯᠡᠬᠦ᠂ ᠪᠤᠷᠤᠯᠠᠭᠤᠯᠬᠤ ᠦᠢᠯᠡᠥᠨᠬᠦᠨ ᠤ ᠲᠤᠳᠤᠷ᠎ᠠ ᠪᠠᠨ ᠬᠤᠯᠢᠮᠠᠭ ᠬᠠᠭᠤᠷᠮᠠᠭ ᠶᠠᠭᠤᠮ᠎ᠠ ᠬᠤᠯᠢᠬᠤ᠂ ᠬᠠᠭᠤᠷᠮᠠᠭ ᠶᠠᠭᠤᠮ᠎ᠠ ᠪᠠᠷ ᠵᠢᠩᠭᠢᠨᠢ ᠶᠢ ᠤᠷᠤᠯᠠᠭᠤᠯᠬᠤ᠂ ᠮᠠᠭᠤ ᠶᠠᠭᠤᠮ᠎ᠠ ᠪᠠᠷ ᠰᠠᠶᠢᠨ ᠢ ᠤᠷᠤᠯᠠᠭᠤᠯᠬᠤ ᠶᠢ ᠴᠠᠭᠠᠵᠠᠯᠠᠨ᠎ᠠ᠃

ᠵᠢᠷᠭᠤᠳᠤᠭᠠᠷ ᠵᠦᠢᠯ    ᠤᠯᠤᠰ ᠠᠴᠠ ᠶᠠᠰᠤ ᠴᠢᠨᠠᠷ ᠤᠨ ᠰᠢᠨᠵᠢᠯᠡᠬᠦ ᠤᠬᠠᠭᠠᠨᠴᠢ ᠬᠠᠮᠢᠶᠠᠷᠤᠯᠳᠠ ᠶᠢᠨ ᠠᠷᠭ᠎ᠠ ᠶᠢ ᠲᠡᠯᠭᠡᠷᠡᠬᠦᠯᠬᠦ᠂ ᠲᠡᠷᠢᠬᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠭᠡᠷᠡᠭᠯᠡᠬᠦ ᠶᠢ ᠵᠤᠷᠢᠠᠠᠵᠢᠭᠤᠯᠤᠨ᠎ᠠ᠂ ᠠᠵᠤ ᠠᠬᠤᠢᠢᠯᠠᠯ ᠤᠨ ᠦᠢᠯᠡᠥᠨᠬᠦᠨ ᠤ ᠶᠠᠰᠤ ᠴᠢᠨᠠᠷ ᠤᠨ ᠠᠵᠢᠯ ᠲᠦᠷᠦᠯ ᠤᠨ ᠢᠶᠠᠨ ᠪᠠᠷᠢᠮᠵᠢᠶ᠎ᠠ ᠳᠤ ᠬᠦᠷᠬᠦ ᠪᠠ ᠲᠠᠪᠠᠭ᠋ᠤ᠂ ᠤᠯᠤᠰ ᠤᠨ ᠪᠠᠷᠢᠮᠵᠢᠶ᠎ᠠ ᠭᠢᠭᠡᠥᠨ ᠲᠡᠯᠡᠭᠡᠢ ᠶᠢᠨ ᠪᠠᠷᠢᠮᠵᠢᠶ᠎ᠠ ᠳᠤ ᠬᠦᠷᠬᠦ ᠪᠠ ᠲᠠᠪᠠᠭ᠋ᠤ ᠶᠢ ᠵᠤᠷᠢᠠᠠᠵᠢᠭᠤᠯᠤᠨ᠎ᠠ᠃
   

ᠦᠢᠯᠡᠥᠨᠬᠦᠨ ᠤ ᠶᠠᠰᠤ ᠴᠢᠨᠠᠷ ᠤᠨ ᠬᠠᠮᠢᠶᠠᠷᠤᠯᠳᠠ ᠨᠢ ᠲᠡᠷᠢᠬᠦᠨ ᠤ ᠪᠦᠭᠡᠥᠨ ᠦᠢᠯᠡᠥᠨᠬᠦᠨ ᠤ ᠶᠠᠰᠤ ᠴᠢᠨᠠᠷ ᠨᠢ ᠲᠡᠯᠡᠭᠡᠢ ᠶᠢᠨ ᠲᠡᠷᠢᠬᠦᠨ ᠤ ᠬᠢᠷᠢ ᠭᠡᠮᠵᠢᠶᠡᠨ ᠳᠤ ᠬᠦᠷᠦᠭᠰᠡᠨ᠂ ᠠᠮᠵᠢᠯᠳᠠ ᠪᠦᠳᠦᠮᠵᠢ ᠨᠢ ᠢᠯᠡᠥᠨᠳᠡ ᠪᠠᠶᠢᠬᠤ ᠨᠢᠭᠡᠴᠢ ᠬᠢᠭᠡᠥᠨ ᠬᠤᠪᠢ ᠬᠦᠮᠦᠨ ᠢ ᠬᠦᠬᠢᠬᠦᠯᠦᠨ ᠱᠠᠩᠨᠠᠨ᠎ᠠ᠃
   

ᠲᠤᠯᠤᠳᠤᠭᠠᠷ ᠵᠦᠢᠯ    ᠡᠯ᠎ᠡ ᠱᠠᠳᠤᠨ ᠤ ᠠᠷᠠᠥᠨ ᠤᠨ ᠵᠠᠰᠠᠭ ᠤᠨ ᠤᠷᠳᠤᠨ ᠦᠢᠯᠡᠥᠨᠬᠦᠨ ᠤ ᠶᠠᠰᠤ ᠴᠢᠨᠠᠷ ᠢ ᠲᠡᠭᠡᠭᠰᠢᠯᠡᠬᠦᠯᠬᠦ ᠶᠠᠪᠤᠳᠠᠯ ᠢ ᠤᠯᠤᠰ ᠠᠷᠠᠥᠨ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠵᠢᠬᠦᠯᠭᠡ ᠳᠤ ᠤᠷᠤᠭᠤᠯᠵᠤ᠂ ᠦᠢᠯᠡᠥᠨᠬᠦᠨ ᠤ ᠶᠠᠰᠤ ᠴᠢᠨᠠᠷ ᠤᠨ ᠠᠵᠢᠯ ᠢ ᠨᠢᠭᠡᠳᠦᠯᠳᠡᠢ ᠲᠦᠯᠦᠪᠵᠢᠬᠦᠯᠬᠦ ᠪᠠ ᠵᠤᠬᠢᠶᠠᠨ ᠪᠠᠶᠢᠭᠤᠯᠵᠤ ᠤᠳᠤᠷᠢᠥᠨᠬᠤ ᠪᠠᠨ ᠴᠢᠩᠭᠠᠥᠨᠬᠠᠵᠤ᠂ ᠦᠢᠯᠡᠥᠨᠪᠦᠷᠢᠯᠡᠭᠴᠢᠥᠨ᠂ ᠪᠤᠷᠤᠯᠠᠭᠤᠯᠤᠭᠴᠢᠥᠨ ᠢ ᠬᠦᠳᠦᠯᠦᠨ ᠵᠢᠯᠤᠭᠤᠤᠨᠴᠤ᠂ ᠰᠢᠪᠠᠳᠠᠨ ᠱᠠᠭᠠᠷᠳᠠᠵᠤ ᠪᠠᠶᠢᠭᠠᠥᠨ ᠦᠢᠯᠡᠥᠨᠬᠦᠨ ᠤ ᠶᠠᠰᠤ ᠴᠢᠨᠠᠷ ᠤᠨ ᠬᠠᠮᠢᠶᠠᠷᠤᠯᠳᠠ ᠶᠢ ᠴᠢᠩᠭᠠᠥᠨᠬᠠᠵᠤ᠂ ᠦᠢᠯᠡᠥᠨᠬᠦᠨ ᠤ ᠶᠠᠰᠤ ᠴᠢᠨᠠᠷ ᠢ ᠲᠡᠭᠡᠭᠰᠢᠯᠡᠬᠦᠯᠦᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠢ ᠵᠤᠬᠢᠶᠠᠨ ᠪᠠᠶᠢᠭᠤᠯᠤᠨ᠂ ᠬᠠᠥᠯᠢ ᠶᠤᠰᠤᠭᠠᠷ ᠠᠷᠭ᠎ᠠ ᠭᠡᠮᠵᠢᠶ᠎ᠡ ᠠᠪᠴᠤ ᠪᠠᠶᠢᠭᠠᠥᠨ ᠦᠢᠯᠡᠥᠨᠬᠦᠨ ᠤ ᠦᠢᠯᠡᠥᠨᠪᠦᠷᠢᠯᠡᠯ ᠪᠠ ᠪᠤᠷᠤᠯᠠᠭᠤᠯᠤᠯᠳᠠ ᠶᠢᠨ ᠲᠤᠮᠳᠠᠬᠢ ᠲᠤᠰ ᠬᠠᠥᠯᠢ ᠠᠴᠠ ᠵᠦᠷᠢᠴᠡᠭᠰᠡᠨ ᠠᠵᠢᠯᠯᠠᠭ᠎ᠠ ᠶᠢ ᠬᠤᠷᠢᠠᠠᠯᠠᠨ ᠵᠤᠭᠰᠤᠭᠠᠵᠤ᠂ ᠲᠤᠰ ᠬᠠᠥᠯᠢ ᠶᠢᠨ ᠭᠡᠷᠡᠭᠵᠢᠬᠦᠯᠦᠭᠳᠡᠬᠦ ᠶᠢ ᠪᠠᠳᠤᠯᠠᠬᠤ ᠭᠡᠷᠡᠭᠳᠡᠢ᠃
   

ᠨᠠᠢᠮᠠᠳᠤᠭᠠᠷ ᠵᠦᠢᠯ    ᠲᠦᠷᠦ ᠶᠢᠨ ᠶᠠᠪᠤᠳᠠᠯ ᠤᠨ ᠬᠤᠷᠢᠶᠠᠨ ᠤ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠠᠴᠠ ᠪᠦᠬᠦ ᠤᠯᠤᠰ ᠤᠨ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠠᠵᠢᠯ ᠢ ᠡᠷᠬᠢᠯᠡᠨ ᠬᠠᠮᠢᠶᠠᠷᠤᠨ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠦᠪᠡᠷ ᠦᠪᠡᠷᠰᠡᠥᠨ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠲᠤᠳᠤᠷ᠎ᠠ ᠪᠠᠨ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠠᠵᠢᠯ ᠢ ᠡᠷᠬᠢᠯᠡᠨ ᠬᠠᠷᠢᠭᠤᠴᠠᠨ᠎ᠠ᠃
   

ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠤ ᠭᠡᠪᠴᠢᠶᠡᠨ ᠳᠠᠬᠢ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠠᠵᠢᠯ ᠢ ᠡᠷᠬᠢᠯᠡᠨ ᠬᠠᠮᠢᠶᠠᠷᠤᠨ᠎ᠠ᠃ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠥᠨ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠦᠪᠡᠷ ᠦᠪᠡᠷᠰᠡᠥᠨ ᠤᠨ ᠲᠤᠰᠢᠶᠠᠯ ᠬᠠᠷᠢᠭᠤᠴᠠᠯᠭ᠎ᠠ ᠶᠢᠨ ᠭᠡᠪᠴᠢᠶᠡᠨ ᠲᠤᠳᠤᠷ᠎ᠠ ᠪᠠᠨ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠠᠵᠢᠯ ᠢ ᠬᠠᠷᠢᠭᠤᠴᠠᠨ᠎ᠠ᠃
   

ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠤᠨ ᠲᠤᠬᠠᠢ ᠬᠠᠥᠯᠢ ᠴᠠᠭᠠᠵᠠ ᠳᠤ ᠠᠰᠳᠠᠭᠠᠨ ᠲᠤᠭᠳᠠᠭᠠᠯ ᠲᠠᠢ ᠪᠠᠶᠢᠪᠠᠯ᠂ ᠬᠤᠯᠪᠤᠭᠳᠠᠯ ᠪᠦᠬᠦᠢ ᠬᠠᠥᠯᠢ ᠴᠠᠭᠠᠵᠠ ᠶᠢᠨ ᠲᠤᠭᠳᠠᠭᠠᠯ ᠶᠤᠰᠤᠭᠠᠷ      ᠬᠦᠢᠴᠡᠥᠨᠭᠡᠨ᠎ᠡ᠃
   

ᠶᠢᠰᠦᠳᠦᠭᠡᠷ ᠵᠦᠢᠯ    ᠡᠯ᠎ᠡ ᠱᠠᠳᠤᠨ ᠤ ᠠᠷᠠᠥᠨ ᠤᠨ ᠵᠠᠰᠠᠭ ᠤᠨ ᠤᠷᠳᠤᠨ ᠤ ᠠᠵᠢᠯᠳᠠᠥᠨ ᠪᠠ ᠲᠦᠷᠦ ᠶᠢᠨ ᠪᠠᠶᠢᠭᠤᠯᠭ᠎ᠠ  ᠶᠢᠨ ᠪᠤᠰᠤᠤᠨ ᠠᠵᠢᠯᠳᠠᠥᠨ ᠡᠷᠭᠡ ᠲᠤᠰᠢᠶᠠᠯ ᠢᠶᠠᠨ ᠲᠤᠷ᠎ᠠ ᠪᠠᠷ ᠶᠢᠨ ᠭᠡᠷᠡᠭᠯᠡᠬᠦ᠂ ᠲᠤᠰᠢᠶᠠᠯ ᠬᠠᠷᠢᠭᠤᠴᠠᠯᠭ᠎ᠠ ᠪᠠᠨ ᠤᠮᠳᠤᠭᠠᠢᠢᠯᠠᠬᠤ ᠪᠤᠶᠤ ᠬᠤᠪᠢ ᠶᠢᠨ ᠨᠠᠶᠢᠷ ᠬᠠᠷᠠᠵᠤ ᠭᠡᠮ ᠦᠢᠯᠡᠳᠦᠨ᠂ ᠲᠤᠰ ᠭᠠᠵᠠᠷ ᠤᠷᠤᠨ᠂ ᠲᠤᠰ ᠰᠢᠰᠲ᠋ᠧᠮ ᠤᠨ ᠢᠶᠠᠨ ᠲᠤᠳᠤᠷ᠎ᠠ ᠭᠠᠷᠤᠭᠰᠠᠨ ᠦᠢᠯᠡᠥᠨᠬᠦᠨ ᠤ ᠦᠢᠯᠡᠥᠨᠪᠦᠷᠢᠯᠡᠯ᠂ ᠪᠤᠷᠤᠯᠠᠭᠤᠯᠤᠯᠳᠠ ᠶᠢᠨ ᠲᠤᠮᠳᠠᠬᠢ ᠲᠤᠰ ᠬᠠᠥᠯᠢ ᠶᠢᠨ ᠲᠤᠭᠳᠠᠭᠠᠯ ᠠᠴᠠ ᠵᠦᠷᠢᠴᠡᠭᠰᠡᠨ ᠦᠢᠯᠨ ᠠᠵᠢᠯᠯᠠᠭ᠎ᠠ ᠶᠢ ᠦᠮᠦᠭᠯᠡᠬᠦ᠂ ᠲᠤᠷ᠎ᠠ ᠪᠠᠷ ᠢᠶᠠᠨ ᠲᠠᠯᠪᠢᠬᠤ ᠪᠤᠶᠤ ᠦᠢᠯᠡᠥᠨᠪᠦᠷᠢᠯᠡᠯ᠂ ᠪᠤᠷᠤᠯᠠᠭᠤᠯᠤᠯᠳᠠ ᠶᠢᠨ ᠲᠤᠮᠳᠠᠬᠢ ᠲᠤᠰ ᠬᠠᠥᠯᠢ  ᠶᠢᠨ ᠲᠤᠭᠳᠠᠭᠠᠯ ᠠᠴᠠ ᠵᠦᠷᠢᠴᠡᠭᠰᠡᠨ ᠦᠢᠯᠨ ᠠᠵᠢᠯᠯᠠᠭ᠎ᠠ ᠶᠢ ᠬᠠᠥᠯᠢ ᠶᠤᠰᠤᠭᠠᠷ ᠪᠠᠶᠢᠴᠠᠭᠠᠨ ᠰᠢᠢᠥᠨᠪᠦᠷᠢᠯᠡᠬᠦ ᠶᠠᠪᠤᠳᠠᠯ ᠳᠤ ᠬᠠᠷᠰᠢᠯᠠᠯ ᠦᠵᠡᠬᠦᠯᠵᠦ᠂ ᠭᠠᠷ ᠲᠦᠷᠦᠵᠦ ᠪᠤᠯᠬᠤ ᠦᠭᠡᠢ᠃
   

ᠡᠯ᠎ᠡ ᠱᠠᠳᠤᠨ ᠤ ᠤᠷᠤᠨ ᠨᠤᠳᠤᠭ ᠤᠨ ᠠᠷᠠᠥᠨ ᠤᠨ ᠵᠠᠰᠠᠭ ᠤᠨ ᠤᠷᠳᠤᠨ ᠪᠠ ᠲᠦᠷᠦ ᠶᠢᠨ ᠪᠤᠰᠤᠤᠨ ᠪᠠᠶᠢᠭᠤᠯᠭ᠎ᠠ ᠨᠤᠭᠤᠳ  ᠲᠤ ᠦᠢᠯᠡᠥᠨᠬᠦᠨ ᠤ ᠦᠢᠯᠡᠥᠨᠪᠦᠷᠢᠯᠡᠯ᠂ ᠪᠤᠷᠤᠯᠠᠭᠤᠯᠤᠯᠳᠠ ᠶᠢᠨ ᠲᠤᠮᠳᠠᠬᠢ ᠲᠤᠰ ᠬᠠᠥᠯᠢ ᠶᠢᠨ ᠲᠤᠭᠳᠠᠭᠠᠯ ᠠᠴᠠ ᠵᠦᠷᠢᠴᠡᠭᠰᠡᠨ ᠦᠢᠯᠨ ᠠᠵᠢᠯᠯᠠᠭ᠎ᠠ ᠶᠢ ᠦᠮᠦᠭᠯᠡᠭᠰᠡᠨ᠂ ᠲᠤᠷ᠎ᠠ ᠪᠠᠷ ᠨᠢ ᠲᠠᠯᠪᠢᠭᠰᠠᠨ ᠠᠵᠢᠯᠯᠠᠭ᠎ᠠ ᠲᠠᠢ ᠪᠠᠶᠢᠪᠠᠯ᠂ ᠭᠤᠤᠯ ᠬᠠᠷᠢᠭᠤᠴᠠᠯᠭᠠᠳᠠᠨ ᠠᠴᠠ  ᠨᠢ ᠬᠠᠥᠯᠢ ᠶᠤᠰᠤᠭᠠᠷ ᠬᠠᠥᠯᠢ ᠶᠢᠨ ᠬᠠᠷᠢᠭᠤᠴᠠᠯᠭ᠎ᠠ ᠨᠡᠭᠡᠮᠵᠢᠯᠡᠨ᠎ᠡ᠃
   

ᠠᠷᠪᠠᠳᠤᠭᠠᠷ ᠵᠦᠢᠯ    ᠶᠠᠮᠠᠷᠪᠠ ᠨᠢᠭᠡᠴᠢ ᠪᠤᠯᠤᠨ ᠬᠤᠪᠢ ᠬᠦᠮᠦᠨ ᠴᠦᠮ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠪᠤᠶᠤ ᠬᠤᠯᠪᠤᠭᠳᠠᠯ ᠪᠦᠬᠦᠢ ᠪᠤᠰᠤᠤᠨ ᠰᠠᠯᠠᠭ᠎ᠠ ᠮᠦᠴᠢᠷ ᠲᠤ ᠲᠤᠰ ᠬᠠᠥᠯᠢ ᠶᠢᠨ ᠲᠤᠭᠳᠠᠭᠠᠯ ᠠᠴᠠ ᠵᠦᠷᠢᠴᠡᠭᠰᠡᠨ ᠦᠢᠯᠨ ᠠᠵᠢᠯᠯᠠᠭ᠎ᠠ ᠶᠢ ᠢᠯᠡᠴᠢᠯᠡᠬᠦ ᠡᠷᠭᠡ ᠲᠠᠢ᠃
   

ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠷ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠢᠯᠡᠴᠢᠯᠡᠭᠴᠢ ᠳᠤ ᠨᠢᠭᠤᠴᠠ ᠶᠢ ᠬᠠᠮᠠᠭᠠᠯᠠᠵᠤ ᠦᠭᠬᠦ ᠶᠢᠨ ᠬᠠᠮᠳᠤ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠳᠠ ᠶᠢᠨ ᠠᠷᠠᠥᠨ ᠤᠨ ᠵᠠᠰᠠᠭ ᠤᠨ ᠤᠷᠳᠤᠨ ᠤ ᠲᠤᠭᠳᠠᠭᠠᠯ ᠶᠤᠰᠤᠭᠠᠷ ᠱᠠᠩᠨᠠᠯ ᠬᠦᠬᠢᠬᠦᠯᠦᠯ ᠤᠯᠭᠤᠬᠤ ᠭᠡᠷᠡᠭᠳᠡᠢ᠃
   

ᠠᠷᠪᠠᠨ ᠨᠢᠭᠡᠳᠦᠭᠡᠷ ᠵᠦᠢᠯ    ᠶᠠᠮᠠᠷᠪᠠ ᠨᠢᠭᠡᠴᠢ ᠪᠠ ᠬᠤᠪᠢ ᠬᠦᠮᠦᠨ ᠴᠦᠮ ᠲᠤᠰ ᠭᠠᠵᠠᠷ ᠤᠷᠤᠨ ᠤ ᠪᠤᠰᠤ ᠪᠤᠶᠤ ᠲᠤᠰ ᠰᠢᠰᠲ᠋ᠧᠮ ᠤᠨ ᠪᠤᠰᠤ ᠠᠵᠤ ᠠᠬᠤᠢᠢᠯᠠᠯ ᠤᠨ ᠦᠢᠯᠡᠥᠨᠪᠦᠷᠢᠯᠡᠭᠰᠡᠨ ᠶᠠᠰᠤ ᠴᠢᠨᠠᠷ ᠨᠢ ᠬᠢᠷᠢ ᠲᠡᠩᠴᠡᠭᠰᠡᠨ ᠦᠢᠯᠡᠥᠨᠬᠦᠨ ᠢ ᠲᠤᠰ ᠭᠠᠵᠠᠷ ᠤᠷᠤᠨ᠂ ᠲᠤᠰ ᠰᠢᠰᠲ᠋ᠧᠮ ᠳᠤ ᠤᠷᠤᠭᠤᠯᠬᠤ ᠶᠢ ᠭᠠᠳᠠᠭᠤᠷᠴᠢᠯᠠᠵᠤ ᠪᠤᠯᠬᠤ ᠦᠭᠡᠢ᠃

      

ᠬᠤᠶᠠᠳᠤᠭᠠᠷ ᠪᠦᠯᠦᠭ      ᠦᠢᠯᠡᠥᠨᠬᠦᠨ ᠤ ᠶᠠᠰᠤ ᠴᠢᠨᠠᠷ ᠤᠨ ᠬᠢᠨᠠᠯᠳᠠ
      

ᠠᠷᠪᠠᠨ ᠬᠤᠶᠠᠳᠤᠭᠠᠷ ᠵᠦᠢᠯ    ᠦᠢᠯᠡᠥᠨᠬᠦᠨ ᠤ ᠶᠠᠰᠤ ᠴᠢᠨᠠᠷ ᠨᠢ ᠰᠢᠯᠭᠠᠨ ᠪᠠᠶᠢᠴᠠᠭᠠᠬᠤ ᠳᠤ ᠬᠢᠷᠢ ᠲᠡᠩᠴᠡᠭᠰᠡᠨ ᠪᠠᠶᠢᠬᠤ ᠭᠡᠷᠡᠭᠳᠡᠢ᠂ ᠬᠢᠷᠢ ᠲᠡᠩᠴᠡᠬᠦ ᠦᠭᠡᠢ ᠦᠢᠯᠡᠥᠨᠬᠦᠨ ᠢᠶᠠᠷ ᠬᠢᠷᠢ ᠲᠡᠩᠴᠡᠭᠰᠡᠨ ᠦᠢᠯᠡᠥᠨᠬᠦᠨ ᠢ ᠬᠠᠭᠤᠷᠮᠠᠭᠯᠠᠨ ᠤᠷᠤᠯᠠᠭᠤᠯᠵᠤ ᠪᠤᠯᠬᠤ ᠦᠭᠡᠢ᠃

ᠠᠷᠪᠠᠨ ᠭᠤᠷᠪᠠᠳᠤᠭᠠᠷ ᠵᠦᠢᠯ    ᠬᠦᠮᠦᠨ ᠤ ᠪᠡᠶ᠎ᠡ ᠶᠢᠨ ᠡᠷᠡᠬᠦᠯ ᠮᠡᠨᠳᠦ ᠪᠠ ᠬᠦᠮᠦᠨ ᠤ ᠪᠡᠶ᠎ᠡ᠂ ᠡᠳ᠋ ᠬᠦᠷᠦᠩᠭᠡ ᠶᠢᠨ ᠠᠮᠤᠷ ᠲᠦᠪᠰᠢᠨ ᠳᠤ ᠬᠤᠤᠷ ᠬᠦᠨᠦᠭᠡᠯ ᠤᠴᠠᠷᠠᠭᠤᠯᠵᠤ ᠮᠡᠳᠡᠬᠦ ᠠᠵᠤ ᠦᠢᠯᠡᠥᠨᠪᠦᠷᠢ ᠶᠢᠨ ᠦᠢᠯᠡᠥᠨᠬᠦᠨ ᠨᠢ ᠬᠦᠮᠦᠨ ᠤ ᠪᠡᠶ᠎ᠡ ᠶᠢᠨ ᠡᠷᠡᠬᠦᠯ ᠮᠡᠨᠳᠦ ᠪᠠ ᠬᠦᠮᠦᠨ ᠤ ᠪᠡᠶ᠎ᠡ᠂ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠬᠤ ᠲᠤᠬᠠᠢ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠳᠤ ᠡᠷᠭᠡᠪᠰᠢ ᠨᠡᠶᠢᠴᠡᠭᠰᠡᠨ ᠪᠠᠶᠢᠬᠤ ᠭᠡᠷᠡᠭᠳᠡᠢ︔ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠲᠤᠭᠳᠠᠭᠠᠭᠰᠠᠨ ᠦᠭᠡᠢ ᠪᠠᠶᠢᠪᠠᠯ᠂ ᠡᠷᠭᠡᠪᠰᠢ ᠬᠦᠮᠦᠨ ᠤ ᠪᠡᠶ᠎ᠡ ᠶᠢᠨ ᠡᠷᠡᠬᠦᠯ ᠮᠡᠨᠳᠦ ᠪᠠ ᠬᠦᠮᠦᠨ ᠤ ᠪᠡᠶ᠎ᠡ᠂ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠭᠡᠷᠡᠭᠳᠡᠢ᠃
   

ᠬᠦᠮᠦᠨ ᠤ ᠪᠡᠶ᠎ᠡ ᠶᠢᠨ ᠡᠷᠡᠬᠦᠯ ᠮᠡᠨᠳᠦ ᠪᠠ ᠬᠦᠮᠦᠨ ᠤ ᠪᠡᠶ᠎ᠡ᠂ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠬᠤ ᠪᠠᠷᠢᠮᠵᠢᠶ᠎ᠠ ᠪᠤᠯᠤᠨ ᠱᠠᠭᠠᠷᠳᠠᠯᠭ᠎ᠠ ᠳᠤ ᠦᠯᠦ ᠨᠡᠶᠢᠴᠡᠬᠦ ᠠᠵᠤ ᠦᠢᠯᠡᠥᠨᠪᠦᠷᠢ ᠶᠢᠨ ᠦᠢᠯᠡᠥᠨᠬᠦᠨ ᠢ ᠦᠢᠯᠡᠥᠨᠪᠦᠷᠢᠯᠡᠬᠦ᠂ ᠪᠤᠷᠤᠯᠠᠭᠤᠯᠬᠤ  ᠶᠢ ᠴᠠᠭᠠᠵᠠᠯᠠᠨ᠎ᠠ᠃ ᠪᠤᠳᠠᠳᠠᠢ ᠬᠠᠮᠢᠶᠠᠷᠬᠤ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠠᠴᠠ ᠲᠤᠭᠳᠠᠭᠠᠨ᠎ᠡ᠃
   

ᠠᠷᠪᠠᠨ ᠲᠦᠷᠪᠡᠳᠦᠭᠡᠷ ᠵᠦᠢᠯ    ᠤᠯᠤᠰ ᠠᠴᠠ ᠲᠡᠯᠡᠭᠡᠢ ᠨᠡᠶᠢᠳᠡ ᠪᠠᠷ ᠢᠶᠠᠨ ᠭᠡᠷᠡᠭᠯᠡᠵᠦ ᠪᠠᠶᠢᠭ᠎ᠠ ᠶᠠᠰᠤ ᠴᠢᠨᠠᠷ ᠤᠨ ᠬᠠᠮᠢᠶᠠᠷᠤᠯᠳᠠ ᠶᠢᠨ ᠪᠠᠷᠢᠮᠵᠢᠶ᠎ᠠ ᠶᠢ ᠦᠨᠳᠦᠰᠦᠯᠡᠵᠦ᠂ ᠠᠵᠤ ᠠᠬᠤᠢᠢᠯᠠᠯ ᠤᠨ ᠶᠠᠰᠤ ᠴᠢᠨᠠᠷ ᠤᠨ ᠰᠢᠰᠲ᠋ᠧᠮ ᠤᠨ ᠭᠡᠷᠡᠴᠢᠯᠡᠨ ᠮᠠᠭᠠᠥᠨᠯᠠᠬᠤ ᠲᠦᠷᠢᠮ ᠢ ᠭᠡᠷᠡᠭᠵᠢᠬᠦᠯᠦᠨ᠎ᠡ᠃ ᠠᠵᠤ ᠠᠬᠤᠢᠢᠯᠠᠯ ᠤᠳ ᠰᠠᠶᠢᠨ ᠲᠤᠷ᠎ᠠ ᠶᠢᠨ ᠪᠠᠶᠢᠬᠤ ᠵᠠᠷᠴᠢᠮ ᠢ ᠦᠨᠳᠦᠰᠦᠯᠡᠨ᠂ ᠲᠦᠷᠦ ᠶᠢᠨ ᠶᠠᠪᠤᠳᠠᠯ ᠤᠨ ᠬᠤᠷᠢᠶᠠᠨ ᠤ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠤᠨ ᠵᠦᠪᠰᠢᠶᠡᠷᠡᠭᠰᠡᠨ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠠᠴᠠ ᠡᠷᠭᠡ ᠤᠯᠭᠤᠭᠰᠠᠨ ᠰᠠᠯᠠᠭ᠎ᠠ ᠮᠦᠴᠢᠷ ᠤᠨ ᠵᠦᠪᠰᠢᠶᠡᠷᠡᠭᠰᠡᠨ ᠭᠡᠷᠡᠴᠢᠯᠡᠨ ᠮᠠᠭᠠᠥᠨᠯᠠᠬᠤ ᠪᠠᠶᠢᠭᠤᠯᠤᠮᠵᠢ ᠳᠤ ᠠᠵᠤ ᠠᠬᠤᠢᠢᠯᠠᠯ ᠤᠨ ᠢᠶᠠᠨ ᠶᠠᠰᠤ ᠴᠢᠨᠠᠷ ᠤᠨ ᠰᠢᠰᠲ᠋ᠧᠮ ᠢ ᠭᠡᠷᠡᠴᠢᠯᠠᠨ ᠮᠠᠭᠠᠥᠨᠯᠠᠭᠤᠯᠬᠤ ᠪᠠᠷ ᠭᠤᠶᠤᠴᠢᠯᠠᠵᠤ ᠪᠤᠯᠤᠨ᠎ᠠ᠃ ᠭᠡᠷᠡᠴᠢᠯᠡᠨ ᠮᠠᠭᠠᠥᠨᠯᠠᠭᠠᠥᠨ ᠭᠢᠷᠢ ᠲᠡᠩᠴᠡᠭᠰᠡᠤᠨ ᠲᠤ ᠭᠡᠷᠡᠴᠢᠯᠡᠨ ᠮᠠᠭᠠᠥᠨᠯᠠᠬᠤ ᠪᠠᠶᠢᠭᠤᠯᠤᠮᠵᠢ ᠠᠴᠠ ᠠᠵᠤ ᠠᠬᠤᠢᠢᠯᠠᠯ ᠤᠨ ᠶᠠᠰᠤ ᠴᠢᠨᠠᠷ ᠤᠨ ᠰᠢᠰᠲ᠋ᠧᠮ ᠢ ᠭᠡᠷᠡᠴᠢᠯᠨᠨ ᠮᠠᠭᠠᠥᠨᠯᠠᠭᠰᠠᠨ ᠦᠨᠡᠮᠯᠡᠯ ᠤᠯᠭᠤᠨ᠎ᠠ᠃
   

ᠤᠯᠤᠰ ᠠᠴᠠ ᠲᠡᠯᠡᠭᠡᠢ ᠶᠢᠨ ᠲᠡᠷᠢᠬᠦᠨ ᠤ ᠦᠢᠯᠡᠥᠨᠬᠦᠨ ᠤ ᠪᠠᠷᠢᠮᠵᠢᠶ᠎ᠠ ᠪᠠ ᠮᠡᠷᠭᠡᠵᠢᠯ ᠤᠨ ᠱᠠᠭᠠᠷᠳᠠᠯᠭ᠎ᠠ ᠪᠠᠷ ᠯᠠᠪᠯᠠᠯᠳᠠ ᠪᠤᠯᠭᠠᠵᠤ᠂ ᠦᠢᠯᠡᠥᠨᠬᠦᠨ ᠤ ᠶᠠᠰᠤ ᠴᠢᠨᠠᠷ ᠢ ᠭᠡᠷᠡᠴᠢᠯᠠᠨ ᠮᠠᠭᠠᠥᠨᠯᠠᠬᠤ ᠲᠦᠷᠢᠮ ᠢ ᠭᠡᠷᠡᠭᠵᠢᠬᠦᠯᠦᠨ᠎ᠡ᠃ ᠠᠵᠤ ᠠᠬᠤᠢᠢᠯᠠᠯ ᠤᠳ ᠰᠠᠶᠢᠨ ᠲᠤᠷ᠎ᠠ ᠶᠢᠨ ᠪᠠᠶᠢᠬᠤ ᠵᠠᠷᠴᠢᠮ ᠢ ᠦᠨᠳᠦᠰᠦᠯᠡᠨ ᠲᠦᠷᠦ ᠶᠢᠨ ᠶᠠᠪᠤᠳᠠᠯ ᠤᠨ ᠬᠤᠷᠢᠶᠠᠨ ᠤ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠠᠴᠠ ᠡᠷᠭᠡ ᠤᠯᠭᠤᠭᠰᠠᠨ ᠰᠠᠯᠠᠭ᠎ᠠ ᠮᠦᠴᠢᠷ ᠤᠨ ᠵᠦᠪᠰᠢᠶᠡᠷᠡᠭᠰᠡᠨ ᠭᠡᠷᠡᠴᠢᠯᠡᠨ ᠮᠠᠭᠠᠥᠨᠯᠠᠬᠤ ᠪᠠᠶᠢᠭᠤᠯᠤᠮᠵᠢ ᠳᠤ ᠦᠢᠯᠡᠥᠨᠬᠦᠨ ᠤ ᠪᠠᠨ ᠶᠠᠰᠤ ᠴᠢᠨᠠᠷ ᠢ ᠭᠡᠷᠡᠴᠢᠯᠡᠨ ᠮᠠᠭᠠᠥᠨᠯᠠᠭᠠᠥᠨ ᠬᠢᠷᠢ ᠲᠡᠩᠴᠡᠭᠰᠡᠤᠨ ᠲᠤ ᠭᠡᠷᠡᠴᠢᠯᠡᠨ ᠮᠠᠭᠠᠥᠨᠯᠠᠬᠤ ᠪᠠᠶᠢᠭᠤᠯᠤᠮᠵᠢ ᠠᠴᠠ ᠦᠢᠯᠡᠥᠨᠬᠦᠨ ᠤ ᠶᠠᠰᠤ ᠴᠢᠨᠠᠷ ᠢ ᠭᠡᠷᠡᠴᠢᠯᠡᠨ ᠮᠠᠭᠠᠥᠨᠯᠠᠭᠤᠯᠬᠤ ᠪᠠᠷ ᠭᠤᠶᠤᠴᠢᠯᠠᠵᠤ ᠪᠤᠯᠤᠨ᠎ᠠ᠃ ᠭᠡᠷᠡᠴᠢᠯᠡᠨ ᠮᠠᠭᠠᠥᠨᠯᠠᠭᠰᠠᠨ ᠦᠨᠡᠮᠯᠡᠯ ᠤᠯᠭᠤᠵᠤ᠂ ᠠᠵᠤ ᠠᠬᠤᠢᠢᠯᠠᠯ ᠤᠨ ᠦᠢᠯᠡᠥᠨᠬᠦᠨ ᠪᠤᠶᠤ ᠦᠢᠯᠡᠥᠨᠬᠦᠨ ᠤ ᠪᠠᠨ ᠪᠤᠭᠤᠳᠠᠯ ᠪᠠᠭᠯᠠᠭ᠎ᠠ ᠲᠡᠭᠡᠷ᠎ᠡ ᠦᠢᠯᠡᠥᠨᠬᠦᠨ ᠤ ᠶᠠᠰᠤ ᠴᠢᠨᠠᠷ ᠢ ᠭᠡᠷᠡᠴᠢᠯᠡᠨ ᠮᠠᠭᠠᠥᠨᠯᠠᠭᠰᠠᠨ ᠲᠡᠮᠳᠡᠭ ᠭᠡᠷᠡᠭᠯᠡᠬᠦ ᠶᠢ ᠵᠦᠪᠰᠢᠶᠡᠷᠡᠨ᠎ᠡ᠃
   

ᠠᠷᠪᠠᠨ ᠲᠠᠪᠤᠳᠤᠭᠠᠷ ᠵᠦᠢᠯ    ᠤᠯᠤᠰ ᠠᠴᠠ ᠦᠢᠯᠡᠥᠨᠬᠦᠨ ᠤ ᠶᠠᠰᠤ ᠴᠢᠨᠠᠷ ᠲᠤ ᠰᠤᠩᠭᠤᠨ ᠪᠠᠶᠢᠴᠠᠭᠠᠬᠤ ᠪᠠᠷ ᠭᠤᠤᠯ ᠭᠡᠯᠪᠡᠷᠢ ᠪᠤᠯᠭᠠᠭᠰᠠᠨ ᠬᠢᠨᠠᠯᠳᠠ ᠲᠠᠯᠪᠢᠨ ᠪᠠᠶᠢᠴᠠᠭᠠᠬᠤ ᠲᠦᠷᠢᠮ ᠢ ᠭᠡᠷᠡᠭᠵᠢᠬᠦᠯᠵᠦ᠂ ᠬᠦᠮᠦᠨ ᠤ ᠪᠡᠶ᠎ᠡ ᠶᠢᠨ ᠡᠷᠡᠬᠦᠯ ᠮᠡᠨᠳᠦ ᠪᠠ ᠬᠦᠮᠦᠨ ᠤ ᠪᠡᠶ᠎ᠡ᠂ ᠡᠳ᠋ ᠬᠦᠷᠦᠩᠭᠡ ᠶᠢᠨ ᠠᠮᠤᠷ ᠲᠦᠪᠰᠢᠨ ᠳᠤ ᠬᠦᠨᠦᠭᠡᠯ ᠤᠴᠠᠷᠠᠭᠤᠯᠵᠤ ᠮᠡᠳᠡᠬᠦ ᠦᠢᠯᠡᠥᠨᠬᠦᠨ᠂ ᠤᠯᠤᠰ ᠤᠨ ᠠᠵᠤ ᠠᠬᠤᠢ ᠠᠷᠠᠥᠨ ᠤᠨ ᠠᠮᠢᠳᠤᠷᠠᠯ ᠳᠤ ᠨᠦᠯᠦᠭᠡ ᠲᠠᠢ ᠴᠢᠬᠤᠯᠨ ᠠᠵᠤ ᠦᠢᠯᠡᠥᠨᠪᠦᠷᠢ ᠶᠢ ᠦᠢᠯᠡᠥᠨᠬᠦᠨ ᠭᠢᠭᠡᠥᠨ ᠭᠡᠷᠡᠭᠯᠡᠭᠴᠢᠥᠨ᠂ ᠬᠤᠯᠪᠤᠭᠳᠠᠯ ᠪᠦᠬᠦᠢ ᠵᠤᠬᠢᠶᠠᠨ ᠪᠠᠶᠢᠭᠤᠯᠤᠯᠳᠠ ᠠᠴᠠ ᠶᠠᠰᠤ ᠴᠢᠨᠠᠷ ᠤᠨ ᠲᠠᠯ᠎ᠠ ᠪᠠᠷ ᠠᠰᠠᠭᠤᠳᠠᠯ ᠲᠠᠢ ᠭᠡᠵᠦ ᠲᠤᠰᠬᠠᠭᠰᠠᠨ ᠦᠢᠯᠡᠥᠨᠬᠦᠨ ᠳᠤ ᠰᠤᠩᠭᠤᠨ ᠪᠠᠶᠢᠴᠠᠭᠠᠯᠳᠠ ᠬᠢᠨ᠎ᠠ᠃ ᠰᠤᠩᠭᠤᠨ ᠪᠠᠶᠢᠴᠠᠭᠠᠬᠤ ᠦᠯᠢᠭᠡᠷ ᠡᠳ᠋ ᠢ ᠵᠠᠬ᠎ᠠ ᠲᠡᠯᠭᠡᠭᠦᠷ ᠠᠴᠠ ᠪᠤᠶᠤ ᠠᠵᠤ ᠠᠬᠤᠢᠢᠯᠠᠯ ᠤᠨ ᠪᠦᠳᠦᠭᠡᠭᠳᠡᠬᠦᠨ ᠤ ᠰᠠᠩ ᠬᠦᠮᠦᠷᠭᠡ ᠳᠠᠬᠢ ᠪᠤᠷᠤᠯᠠᠭᠤᠯᠬᠤ ᠪᠠᠷ ᠪᠠᠶᠢᠭ᠎ᠠ ᠦᠢᠯᠡᠥᠨᠬᠦᠨ ᠤ ᠲᠤᠳᠤᠷ᠎ᠠ ᠠᠴᠠ ᠴᠢᠯᠦᠭᠡᠳᠡᠢ  ᠪᠠᠷ ᠰᠤᠩᠭᠤᠵᠤ ᠠᠪᠤᠨ᠎ᠠ᠃ ᠬᠢᠨᠠᠯᠳᠠ ᠲᠠᠯᠪᠢᠨ ᠰᠤᠩᠭᠤᠨ ᠪᠠᠶᠢᠴᠠᠭᠠᠬᠤ ᠠᠵᠢᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠠᠴᠠ ᠲᠦᠯᠦᠪᠵᠢᠬᠦᠯᠦᠨ ᠵᠤᠬᠢᠶᠠᠨ ᠪᠠᠶᠢᠭᠤᠯᠤᠨ᠎ᠠ᠃

ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠤ ᠲᠤᠳᠤᠷ᠎ᠠ ᠪᠠᠨ ᠬᠢᠨᠠᠯᠳᠠ ᠲᠠᠯᠪᠢᠨ ᠰᠤᠩᠭᠤᠨ ᠪᠠᠶᠢᠴᠠᠭᠠᠬᠤ ᠠᠵᠢᠯ ᠢ ᠵᠤᠬᠢᠶᠠᠨ ᠪᠠᠶᠢᠭᠤᠯᠵᠤ ᠪᠠᠰᠠ ᠪᠤᠯᠤᠨ᠎ᠠ᠃ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠨ ᠪᠠᠶᠢᠴᠠᠭᠠᠬᠤ ᠲᠤᠬᠠᠢ ᠬᠠᠥᠯᠢ ᠴᠠᠭᠠᠵᠠ ᠳᠤ ᠠᠰᠳᠠᠭᠠᠨ ᠲᠤᠭᠳᠠᠭᠠᠯ ᠲᠠᠢ ᠪᠠᠶᠢᠪᠠᠯ᠂ ᠬᠤᠯᠪᠤᠭᠳᠠᠯ ᠪᠦᠬᠦᠢ ᠬᠠᠥᠯᠢ ᠴᠠᠭᠠᠵᠠ ᠶᠢᠨ ᠲᠤᠭᠳᠠᠭᠠᠯ ᠶᠤᠰᠤᠭᠠᠷ ᠬᠦᠢᠴᠡᠥᠨᠭᠡᠨ᠎ᠡ᠃
   

ᠤᠯᠤᠰ ᠠᠴᠠ ᠬᠢᠨᠠᠯᠳᠠ ᠲᠠᠯᠪᠢᠨ ᠰᠤᠩᠭᠤᠨ ᠪᠠᠶᠢᠴᠠᠭᠠᠭᠰᠠᠨ ᠦᠢᠯᠡᠥᠨᠬᠦᠨ ᠢ ᠤᠷᠤᠨ ᠨᠤᠳᠤᠭ ᠤᠨ ᠬᠢᠨ ᠠᠰᠳᠠᠭᠠᠨ ᠲᠠᠪᠬᠤᠷᠳᠠᠭᠤᠯᠤᠨ ᠰᠤᠩᠭᠤᠨ ᠪᠠᠶᠢᠴᠠᠭᠠᠵᠤ ᠪᠤᠯᠬᠤ ᠦᠭᠡᠢ︔ ᠲᠡᠭᠡᠷ᠎ᠡ ᠱᠠᠳᠤᠨ ᠠᠴᠠ ᠬᠢᠨᠠᠯᠳᠠ ᠲᠠᠯᠪᠢᠨ ᠰᠤᠩᠭᠤᠨ ᠪᠠᠶᠢᠴᠠᠭᠠᠭᠰᠠᠨ ᠦᠢᠯᠡᠥᠨᠬᠦᠨ ᠢ ᠲᠤᠤᠷ᠎ᠠ ᠱᠠᠳᠤᠨ ᠤ ᠬᠢᠨ ᠠᠰᠳᠠᠭᠠᠨ ᠲᠠᠪᠬᠤᠷᠳᠠᠭᠤᠯᠤᠨ ᠰᠤᠩᠭᠤᠨ ᠪᠠᠶᠢᠴᠠᠭᠠᠵᠤ ᠪᠤᠯᠬᠤ ᠦᠭᠡᠢ᠃
   

ᠬᠢᠨᠠᠯᠳᠠ ᠲᠠᠯᠪᠢᠨ ᠰᠤᠩᠭᠤᠨ ᠪᠠᠶᠢᠴᠠᠭᠠᠬᠤ ᠭᠡᠷᠡᠭᠴᠡᠭᠡ ᠶᠢ ᠦᠨᠳᠦᠰᠦᠯᠡᠨ ᠦᠢᠯᠡᠥᠨᠬᠦᠨ ᠳᠤ ᠪᠠᠶᠢᠴᠠᠭᠠᠨ ᠰᠢᠯᠭᠠᠯᠳᠠ ᠬᠢᠵᠦ ᠪᠤᠯᠤᠨ᠎ᠠ᠃ ᠪᠠᠶᠢᠴᠠᠭᠠᠨ ᠰᠢᠯᠭᠠᠯᠳᠠ ᠬᠢᠬᠦ ᠪᠠᠷ ᠰᠤᠩᠭᠤᠨ ᠠᠪᠬᠤ ᠦᠯᠢᠭᠡᠷ ᠡᠳ᠋ ᠤᠨ ᠲᠤᠭ᠎ᠠ ᠭᠡᠮᠵᠢᠶ᠎ᠡ ᠶᠢ ᠪᠠᠶᠢᠴᠠᠭᠠᠨ ᠰᠢᠯᠭᠠᠯᠳᠠ ᠬᠢᠬᠦ ᠵᠦᠢ ᠵᠤᠬᠢᠰᠳᠠᠢ ᠭᠡᠷᠡᠭᠴᠡᠭᠡ ᠠᠴᠠ ᠲᠠᠪᠠᠭᠤᠯᠵᠤ ᠪᠤᠯᠬᠤ ᠦᠭᠡᠢ ᠪᠦᠭᠡᠥᠨ ᠪᠠᠶᠢᠴᠠᠭᠠᠭᠳᠠᠵᠤ ᠪᠠᠶᠢᠭ᠎ᠠ ᠡᠳᠡᠭᠡᠥᠨ ᠠᠴᠠ ᠰᠢᠯᠭᠠᠨ ᠪᠠᠶᠢᠴᠠᠭᠠᠬᠤ ᠰᠦᠢᠥᠨᠭᠡᠯ ᠬᠤᠷᠢᠶᠠᠵᠤ ᠪᠤᠯᠬᠤ ᠦᠭᠡᠢ᠃ ᠬᠢᠨᠠᠯᠳᠠ ᠲᠠᠯᠪᠢᠨ ᠰᠤᠩᠭᠤᠨ ᠪᠠᠶᠢᠴᠠᠭᠠᠬᠤ ᠳᠤ ᠭᠡᠷᠡᠭᠰᠡᠬᠦ ᠪᠠᠶᠢᠴᠠᠭᠠᠨ ᠰᠢᠯᠭᠠᠬᠤ ᠰᠦᠢᠥᠨᠭᠡᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠯ ᠶᠤᠰᠤᠭᠠᠷ ᠲᠤᠬᠢᠷᠠᠭᠤᠯᠤᠨ ᠵᠠᠷᠤᠴᠠᠭᠤᠯᠤᠨ᠎ᠠ᠃
   ᠦᠢᠯᠡᠥᠨᠪᠦᠷᠢᠯᠡᠭᠴᠢᠥᠨ᠂ ᠪᠤᠷᠤᠯᠠᠭᠤᠯᠤᠭᠴᠢᠥᠨ ᠨᠢ ᠰᠤᠩᠭᠤᠨ ᠠᠪᠴᠤ ᠪᠠᠶᠢᠴᠠᠭᠠᠨ ᠰᠢᠯᠭᠠᠭᠰᠠᠨ ᠦᠷ᠎ᠠ ᠳ᠋ᠦᠠᠭ ᠤᠨ ᠲᠤᠬᠠᠢ ᠤᠨᠳᠤᠤ ᠰᠠᠨᠠᠯ ᠲᠠᠢ ᠪᠠᠶᠢᠪᠠᠯ᠂ ᠪᠠᠶᠢᠴᠠᠭᠠᠨ ᠰᠢᠯᠭᠠᠭᠰᠠᠨ ᠦᠷ᠎ᠡ  ᠢ ᠤᠯᠤᠭᠰᠠᠨ ᠡᠳᠦᠷ ᠠᠴᠠ ᠡᠭᠢᠯᠡᠨ ᠠᠷᠪᠠᠨ ᠲᠠᠪᠤ ᠬᠤᠨᠤᠭ ᠤᠨ ᠲᠤᠳᠤᠷ᠎ᠠ ᠬᠢᠨᠠᠯᠳᠠ ᠲᠠᠯᠪᠢᠵᠤ ᠰᠤᠩᠭᠤᠨ ᠪᠠᠶᠢᠴᠠᠭᠠᠯᠳᠠ ᠬᠢᠭᠰᠡᠨ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠪᠤᠶᠤ ᠲᠡᠭᠦᠨ ᠤ ᠲᠡᠭᠡᠷ᠎ᠡ ᠱᠠᠳᠤᠨ ᠤ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠲᠤ ᠲᠠᠬᠢᠨ ᠪᠠᠶᠢᠴᠠᠭᠠᠯᠭᠠᠬᠤ ᠪᠠᠷ ᠭᠤᠶᠤᠴᠢᠯᠠᠵᠤ ᠪᠤᠯᠤᠨ᠎ᠠ᠂ ᠲᠠᠬᠢᠨ ᠪᠠᠶᠢᠴᠠᠭᠠᠬᠤ ᠪᠠᠷ ᠬᠦᠯᠢᠶᠡᠨ ᠠᠪᠤᠭᠰᠠᠨ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠠᠴᠠ ᠲᠠᠬᠢᠨ ᠪᠠᠶᠢᠴᠠᠭᠠᠭᠰᠠᠨ ᠳ᠋ᠦᠨᠬ᠋ᠨᠡᠯᠳᠡ ᠭᠠᠷᠭᠠᠨ᠎ᠠ᠃
   

ᠠᠷᠪᠠᠨ ᠵᠢᠷᠭᠤᠳᠤᠭᠠᠷ ᠵᠦᠢᠯ    ᠬᠠᠥᠯᠢ ᠶᠤᠰᠤᠭᠠᠷ ᠶᠠᠪᠤᠭᠳᠠᠬᠤ ᠦᠢᠯᠡᠥᠨᠬᠦᠨ ᠤ ᠶᠠᠰᠤ ᠴᠢᠨᠠᠷ ᠤᠨ ᠲᠤᠬᠠᠢ ᠬᠢᠨᠠᠯᠳᠠ ᠪᠠᠶᠢᠴᠠᠭᠠᠯᠳᠠ ᠶᠢ ᠦᠢᠯᠡᠥᠨᠪᠦᠷᠢᠯᠡᠭᠴᠢᠥᠨ᠂ ᠪᠤᠷᠤᠯᠠᠭᠤᠯᠤᠭᠴᠢᠥᠨ ᠲᠡᠪᠴᠢᠵᠦ ᠪᠤᠯᠬᠤ ᠦᠭᠡᠢ᠃
   

ᠠᠷᠪᠠᠨ ᠲᠤᠯᠤᠳᠤᠭᠠᠷ ᠵᠦᠢᠯ    ᠲᠤᠰ ᠬᠠᠥᠯᠢ ᠶᠢᠨ ᠲᠤᠭᠳᠠᠭᠠᠯ ᠶᠤᠰᠤᠭᠠᠷ ᠬᠢᠨᠠᠯᠳᠠ ᠲᠠᠯᠪᠢᠵᠤ ᠰᠤᠩᠭᠤᠨ ᠪᠠᠶᠢᠴᠠᠭᠠᠭᠰᠠᠨ ᠦᠢᠯᠡᠥᠨᠬᠦᠨ ᠤ ᠶᠠᠰᠤ ᠴᠢᠨᠠᠷ ᠨᠢ ᠬᠢᠷᠢ ᠲᠡᠩᠴᠡᠭᠰᠡᠨ ᠦᠭᠡᠢ ᠪᠠᠶᠢᠪᠠᠯ᠂ ᠬᠢᠨᠠᠯᠳᠠ ᠲᠠᠯᠪᠢᠵᠤ ᠰᠤᠩᠭᠤᠨ ᠪᠠᠶᠢᠴᠠᠭᠠᠯᠳᠠ ᠬᠢᠭᠰᠡᠨ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠠᠴᠠ ᠤᠤᠯ ᠦᠢᠯᠡᠥᠨᠬᠦᠨ ᠤ ᠦᠢᠯᠡᠥᠨᠪᠦᠷᠢᠯᠡᠭᠴᠢᠥᠨ᠂ ᠪᠤᠷᠤᠯᠠᠭᠤᠯᠤᠭᠴᠢᠥᠨ ᠢ ᠵᠠᠷᠯᠢᠠᠠᠳᠠᠨ ᠲᠤᠭᠳᠠᠭᠰᠠᠨ ᠬᠤᠭᠤᠴᠠᠭᠠᠨ ᠲᠤᠳᠤᠷ᠎ᠠ ᠵᠠᠯᠠᠷᠠᠭᠤᠯᠤᠨ᠎ᠠ᠃ ᠬᠤᠭᠤᠴᠠᠭ᠎ᠠ ᠭᠡᠳᠦᠷᠡᠭᠰᠡᠨ ᠪᠠᠶᠢᠳᠠᠯ᠎ᠠ ᠵᠠᠯᠠᠷᠠᠭᠤᠯᠬᠤ ᠦᠭᠡᠢ ᠪᠠᠶᠢᠪᠠᠯ᠂ ᠮᠤᠵᠢ ᠶᠢᠨ ᠱᠠᠳᠤᠨ ᠠᠴᠠ ᠲᠡᠭᠡᠭᠰᠢᠬᠢ ᠠᠷᠠᠥᠨ ᠤᠨ ᠵᠠᠰᠠᠭ ᠤᠨ ᠤᠷᠳᠤᠨ ᠤ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠠᠴᠠ ᠵᠠᠷᠯᠠᠨ ᠨᠡᠶᠢᠳᠡᠯᠡᠨ᠎ᠡ︔ ᠵᠠᠷᠯᠠᠨ ᠨᠡᠶᠢᠳᠡᠯᠡᠭᠰᠡᠨ ᠤ ᠲᠠᠷᠠᠭ᠎ᠠ ᠲᠠᠬᠢᠨ ᠪᠠᠶᠢᠴᠠᠭᠠᠭᠠᠥᠨ ᠮᠦᠨ ᠭᠢᠷᠢ ᠲᠡᠩᠴᠡᠬᠦ ᠦᠭᠡᠢ ᠪᠠᠶᠢᠪᠠᠯ ᠠᠵᠢᠯ ᠢ ᠨᠢ ᠵᠠᠷᠯᠢᠭᠳᠠᠨ ᠵᠤᠭᠰᠤᠭᠠᠵᠤ᠂ ᠬᠤᠭᠤᠴᠠᠭ᠎ᠠ ᠲᠤᠭᠳᠠᠭᠠᠨ ᠴᠡᠭᠴᠡᠯᠡᠬᠦᠯᠦᠨ᠎ᠠ︔ ᠴᠡᠭᠴᠡᠯᠡᠬᠦ ᠬᠤᠭᠤᠴᠠᠭ᠎ᠠ ᠲᠠᠭᠤᠰᠤᠭᠰᠠᠨ ᠤ ᠰᠡᠬᠦᠯᠡᠷ ᠲᠠᠬᠢᠵᠤ ᠪᠠᠶᠢᠴᠠᠭᠠᠭᠠᠥᠨ ᠦᠢᠯᠡᠥᠨᠬᠦᠨ ᠤ ᠶᠠᠰᠤ ᠴᠢᠨᠠᠷ ᠨᠢ ᠮᠦᠨ ᠬᠢᠷᠢ ᠲᠡᠩᠴᠡᠬᠦ ᠦᠭᠡᠢ ᠪᠠᠶᠢᠪᠠᠯ ᠡᠵᠡᠩᠨᠡᠬᠦ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ᠃
   

ᠬᠢᠨᠠᠯᠳᠠ ᠲᠠᠯᠪᠢᠵᠤ ᠰᠤᠩᠭᠤᠨ ᠪᠠᠶᠢᠴᠠᠭᠠᠭᠰᠠᠨ ᠦᠢᠯᠡᠥᠨᠬᠦᠨ ᠳᠤ ᠬᠦᠨᠳᠦ ᠨᠤᠴᠢᠳᠠᠢ ᠶᠠᠰᠤ ᠴᠢᠨᠠᠷ ᠤᠨ ᠠᠰᠠᠭᠤᠳᠠᠯ ᠲᠠᠢ ᠪᠠᠶᠢᠪᠠᠯ᠂ ᠲᠤᠰ ᠬᠠᠥᠯᠢ ᠶᠢᠨ ᠲᠠᠪᠤᠳᠤᠭᠠᠷ ᠪᠦᠯᠦᠭ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠢᠥᠨᠭᠡᠨ᠎ᠡ᠃
   

ᠠᠷᠪᠠᠨ ᠨᠠᠢᠮᠠᠳᠤᠭᠠᠷ ᠵᠦᠢᠯ    ᠰᠢᠶᠠᠨ ᠤ ᠱᠠᠳᠤᠨ ᠠᠴᠠ ᠲᠡᠭᠡᠭᠰᠢᠬᠢ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠤᠳ ᠨᠢᠭᠡᠨᠳᠡ ᠤᠯᠵᠤ ᠮᠡᠳᠡᠭᠰᠡᠨ ᠬᠠᠥᠯᠢ ᠠᠴᠠ ᠵᠦᠷᠢᠴᠡᠭᠰᠡᠨ ᠰᠡᠵᠢᠭᠯᠡᠯᠳᠡᠢ ᠬᠡᠷᠡᠴᠢ ᠪᠠᠷᠢᠮᠳᠠ ᠪᠤᠶᠤ ᠢᠯᠡᠴᠢᠯᠡᠯᠳᠡ ᠶᠢ ᠦᠨᠳᠦᠰᠦᠯᠡᠨ᠂ ᠲᠤᠰ ᠬᠠᠥᠯᠢ ᠶᠢᠨ ᠲᠤᠭᠳᠠᠭᠠᠯ ᠠᠴᠠ ᠵᠦᠷᠢᠴᠡᠭᠰᠡᠨ ᠰᠡᠵᠢᠭᠯᠡᠯᠳᠡᠢ ᠦᠢᠯᠨ ᠠᠵᠢᠯᠯᠠᠭ᠎ᠠ ᠶᠢ ᠪᠠᠶᠢᠴᠠᠭᠠᠨ ᠰᠢᠢᠥᠨᠪᠦᠷᠢᠯᠡᠬᠦ ᠳᠡᠭᠡᠨ ᠲᠤᠤᠷ᠎ᠠ ᠵᠢᠠᠠᠰᠠᠭᠠᠭᠰᠠᠨ ᠡᠷᠭᠡ ᠲᠤᠰᠢᠶᠠᠯ ᠤᠳ ᠢ ᠭᠡᠷᠡᠭᠵᠢᠬᠦᠯᠵᠦ ᠪᠤᠯᠤᠨ᠎ᠠ᠄
   

︵ᠨᠢᠭᠡ︶ ᠲᠤᠬᠠᠢ ᠶᠢᠨ ᠬᠦᠮᠦᠨ ᠤ ᠲᠤᠰ ᠬᠠᠥᠯᠢ ᠠᠴᠠ ᠵᠦᠷᠢᠴᠡᠭᠰᠡᠨ ᠰᠡᠵᠢᠭᠯᠡᠯᠳᠡᠢ ᠦᠢᠯᠡᠥᠨᠪᠦᠷᠢᠯᠡᠬᠦ᠂ ᠪᠤᠷᠤᠯᠠᠭᠤᠯᠬᠤ ᠠᠵᠢᠯᠯᠠᠭ᠎ᠠ ᠭᠢᠵᠦ ᠪᠠᠶᠢᠭ᠎ᠠ ᠭᠠᠵᠠᠷ ᠲᠤ ᠬᠦᠷᠴᠦ ᠲᠤᠬᠠᠢ ᠶᠢᠨ ᠭᠠᠵᠠᠷ ᠤᠨ ᠪᠠᠶᠢᠴᠠᠭᠠᠯᠳᠠ ᠬᠢᠬᠦ︔
   

︵ᠬᠤᠶᠠᠷ︶ ᠲᠤᠬᠠᠢ ᠶᠢᠨ ᠬᠦᠮᠦᠨ ᠤ ᠬᠠᠥᠯᠢ ᠪᠠᠷ ᠲᠤᠭᠳᠠᠭᠠᠭᠰᠠᠨ ᠲᠦᠯᠦᠭᠡᠯᠡᠭᠴᠢ᠂ ᠭᠤᠤᠯ ᠬᠠᠷᠢᠭᠤᠴᠠᠯᠭᠠᠳᠠᠨ ᠪᠠ ᠬᠤᠯᠪᠤᠭᠳᠠᠯ ᠪᠦᠬᠦᠢ ᠪᠤᠰᠤᠤᠨ ᠬᠦᠮᠦᠰ ᠠᠴᠠ ᠲᠤᠰ ᠬᠠᠥᠯᠢ ᠠᠴᠠ ᠵᠦᠷᠢᠴᠡᠭᠰᠡᠨ ᠰᠡᠵᠢᠭᠯᠡᠯᠳᠡᠢ ᠦᠢᠯᠡᠥᠨᠪᠦᠷᠢᠯᠡᠬᠦ᠂ ᠪᠤᠷᠤᠯᠠᠭᠤᠯᠬᠤ ᠠᠵᠢᠯᠯᠠᠭ᠎ᠠ ᠬᠢᠭᠰᠡᠨ ᠬᠤᠯᠪᠤᠭᠳᠠᠯ ᠪᠦᠬᠦᠢ ᠪᠠᠶᠢᠳᠠᠯ ᠢ ᠪᠠᠶᠢᠴᠠᠭᠠᠵᠤ ᠦᠢᠯᠭᠠᠬᠤ︔
   

︵ᠭᠤᠷᠪᠠ︶ ᠲᠤᠬᠠᠢ ᠶᠢᠨ ᠬᠦᠮᠦᠨ ᠤ ᠬᠤᠯᠪᠤᠭᠳᠠᠯ ᠪᠦᠬᠦᠢ ᠭᠡᠷ᠎ᠡ᠂ ᠪᠠᠷᠢᠮᠳᠠ᠂ ᠲᠠᠩᠰᠠ ᠬᠠᠷ᠎ᠠ ᠪᠤᠯᠤᠨ ᠬᠤᠯᠪᠤᠭᠳᠠᠯ ᠪᠦᠬᠦᠢ ᠪᠤᠰᠤᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠪᠠᠭᠤᠯᠭᠠᠪᠤᠷᠢᠯᠠᠨ ᠠᠪᠬᠤ︔

︵ᠲᠦᠷᠪᠡ︶ ᠬᠦᠮᠦᠨ ᠤ ᠪᠡᠶ᠎ᠡ ᠶᠢᠨ ᠡᠷᠡᠬᠦᠯ ᠮᠡᠨᠳᠦ ᠪᠠ ᠬᠦᠮᠦᠨ ᠤ ᠪᠡᠶ᠎ᠡ᠂ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠬᠤ ᠲᠤᠬᠠᠢ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠳᠤ ᠦᠯᠦ ᠨᠡᠶᠢᠴᠡᠬᠦ ᠪᠤᠶᠤ ᠶᠠᠰᠤ ᠴᠢᠨᠠᠷ ᠤᠨ ᠲᠠᠯ᠎ᠠ  ᠪᠠᠷ ᠪᠤᠰᠤᠤᠨ ᠬᠦᠨᠳᠦ ᠨᠤᠴᠢᠳᠠᠢ ᠠᠰᠠᠭᠤᠳᠠᠯ ᠲᠠᠢ ᠭᠡᠵᠦ ᠦᠵᠡᠬᠦ ᠦᠨᠳᠦᠰᠦ ᠪᠠᠷᠢᠮᠳᠠ ᠪᠦᠬᠦᠢ ᠦᠢᠯᠡᠥᠨᠬᠦᠨ ᠵᠢᠴᠢ ᠤᠤᠯ ᠦᠢᠯᠡᠥᠨᠬᠦᠨ ᠤ ᠦᠢᠯᠡᠥᠨᠪᠦᠷᠢᠯᠡᠬᠦ᠂ ᠪᠤᠷᠤᠯᠠᠭᠤᠯᠬᠤ ᠳᠤ ᠰᠢᠭᠤᠤᠨ ᠭᠡᠷᠡᠭᠯᠡᠵᠦ ᠪᠠᠶᠢᠭ᠎ᠠ ᠲᠦᠬᠦᠭᠡᠢ ᠡᠳ᠋ ᠮᠠᠲ᠋ᠧᠷᠢᠶᠠᠯ ᠲᠤᠰᠠᠯᠠᠬᠤ ᠡᠳ᠋ ᠮᠠᠲ᠋ᠧᠷᠢᠶᠠᠯ᠂ ᠪᠤᠭᠤᠳᠠᠯᠯᠠᠵᠤ ᠪᠠᠭᠯᠠᠬᠤ ᠪᠤᠳᠠᠰ᠂ ᠦᠢᠯᠡᠥᠨᠪᠦᠷᠢᠯᠡᠯ ᠤᠨ ᠪᠠᠭᠠᠵᠢ ᠶᠢ ᠪᠠᠶᠢᠴᠠᠭᠠᠨ ᠪᠢᠳᠡᠬᠦᠮᠵᠢᠯᠡᠬᠦ ᠪᠤᠶᠤ ᠲᠠᠷᠤᠵᠤ ᠠᠪᠬᠤ᠃
   

ᠰᠢᠶᠡᠨ ᠤ ᠱᠠᠳᠤᠨ ᠠᠴᠠ ᠲᠡᠭᠡᠭᠰᠢᠬᠢ ᠦᠢᠯᠡᠥᠨᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠳ ᠲᠦᠷᠦ ᠶᠢᠨ ᠶᠠᠪᠤᠳᠠᠯ ᠤᠨ ᠬᠤᠷᠢᠶᠠᠨ ᠠᠴᠠ ᠲᠤᠭᠳᠠᠭᠠᠭᠰᠠᠨ ᠲᠤᠰᠢᠶᠠᠯ ᠬᠠᠷᠢᠭᠤᠴᠠᠯᠭ᠎ᠠ ᠶᠢᠨ ᠭᠡᠪᠴᠢᠶ᠎ᠡ ᠶᠤᠰᠤᠭᠠᠷ  ᠢᠶᠠᠨ ᠲᠤᠰ ᠬᠠᠥᠯᠢ ᠶᠢᠨ ᠲᠤᠭᠳᠠᠭᠠᠯ ᠠᠴᠠ ᠵᠦᠷᠢᠴᠡᠭᠰᠡᠨ ᠰᠡᠵᠢᠭᠯᠡᠯᠳᠡᠢ ᠦᠢᠯᠨ ᠠᠵᠢᠯᠯᠠᠭ᠎ᠠ ᠶᠢ ᠪᠠᠶᠢᠴᠠᠭᠠᠨ ᠰᠢᠢᠥᠨᠪᠦᠷᠢᠯᠡᠬᠦ ᠳᠡᠭᠡᠨ ᠡᠮᠦᠨᠡᠬᠢ ᠪᠠᠳᠠᠭ ᠲᠤ ᠲᠤᠭᠳᠠᠭᠠᠭᠰᠠᠨ ᠡᠷᠭᠡ ᠲᠤᠰᠢᠶᠠᠯ ᠢ ᠭᠡᠷᠡᠭᠵᠢᠬᠦᠯᠵᠦ ᠪᠤᠯᠤᠨ᠎ᠠ᠃
   

ᠠᠷᠪᠠ ᠶᠢᠰᠦᠳᠦᠭᠡᠷ ᠵᠦᠢᠯ    ᠦᠢᠯᠡᠥᠨᠬᠦᠨ ᠤ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠡᠷᠭᠡᠪᠰᠢ ᠵᠤᠬᠢᠴᠠᠯᠳᠤᠭᠰᠠᠨ ᠪᠠᠶᠢᠴᠠᠭᠠᠨ ᠰᠢᠯᠭᠠᠬᠤ ᠨᠦᠬᠦᠴᠡᠯ ᠪᠠ ᠴᠢᠳᠠᠪᠤᠷᠢ ᠶᠢ ᠪᠦᠷᠢᠯᠳᠦᠬᠦᠯᠵᠦ᠂ ᠮᠤᠵᠢ ᠶᠢᠨ ᠱᠠᠳᠤᠨ ᠠᠴᠠ ᠲᠡᠭᠡᠭᠰᠢᠬᠢ ᠠᠷᠠᠥᠨ ᠤᠨ ᠵᠠᠰᠠᠭ ᠤᠨ ᠤᠷᠳᠤᠨ ᠤ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠪᠤᠶᠤ ᠲᠡᠬᠦᠨ ᠤ ᠡᠷᠭᠡ ᠤᠯᠭᠤᠭᠰᠠᠨ ᠰᠠᠯᠠᠭ᠎ᠠ ᠮᠦᠴᠢᠷ ᠢᠶᠠᠷ ᠬᠢᠨᠠᠨ ᠰᠢᠯᠭᠠᠭᠤᠯᠤᠭᠠᠥᠨ ᠭᠢᠷᠢ ᠲᠡᠩᠴᠡᠭᠰᠡᠨ ᠤ ᠲᠠᠷᠠᠭ᠎ᠠ ᠰᠠᠶᠢ ᠦᠢᠯᠡᠥᠨᠬᠦᠨ ᠤ ᠶᠠᠰᠤ ᠴᠢᠨᠠᠷ ᠢ ᠪᠠᠶᠢᠴᠠᠭᠠᠨ ᠰᠢᠯᠭᠠᠬᠤ ᠠᠵᠢᠯ ᠢ ᠡᠭᠦᠷᠭᠡᠯᠡᠨ᠎ᠡ᠃ ᠬᠠᠥᠯᠢ ᠴᠠᠭᠠᠵᠠ᠂ ᠵᠠᠰᠠᠭ ᠵᠠᠬᠢᠷᠭᠠᠨ ᠤ ᠬᠠᠥᠯᠢ ᠲᠤᠭᠳᠠᠭᠠᠯ ᠳᠤ ᠦᠢᠯᠡᠥᠨᠬᠦᠨ ᠤ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠲᠤᠬᠠᠢ ᠠᠰᠳᠠᠭᠠᠨ ᠲᠤᠭᠳᠠᠭᠠᠯ ᠲᠠᠢ ᠪᠠᠶᠢᠪᠠᠯ᠂ ᠬᠤᠯᠪᠤᠭᠳᠠᠯ ᠪᠦᠬᠦᠢ ᠬᠠᠥᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠤᠨ ᠲᠤᠭᠳᠠᠭᠠᠯ ᠶᠤᠰᠤᠭᠠᠷ ᠭᠡᠷᠡᠭᠵᠢᠬᠦᠯᠦᠨ᠎ᠡ᠃
   

ᠬᠤᠷᠢᠳᠤᠭᠠᠷ ᠵᠦᠢᠯ    ᠦᠢᠯᠡᠥᠨᠬᠦᠨ ᠤ ᠶᠠᠰᠤ ᠴᠢᠨᠠᠷ ᠢ ᠪᠠᠶᠢᠴᠠᠭᠠᠨ ᠰᠢᠯᠭᠠᠬᠤ᠂ ᠬᠡᠷᠡᠴᠢᠯᠡᠨ ᠮᠠᠭᠠᠥᠨᠯᠠᠬᠤ ᠠᠵᠢᠯ ᠢ ᠬᠢᠵᠦ ᠪᠠᠶᠢᠭ᠎ᠠ ᠨᠡᠶᠢᠭᠡᠮ ᠤᠨ ᠵᠠᠭᠤᠴᠢ ᠪᠠᠶᠢᠭᠤᠯᠤᠮᠵᠢ ᠨᠢ ᠡᠷᠭᠡᠪᠰᠢ ᠬᠠᠥᠯᠢ ᠶᠤᠰᠤᠭᠠᠷ ᠪᠠᠶᠢᠭᠤᠯᠤᠭᠳᠠᠭᠰᠠᠨ ᠪᠠᠶᠢᠬᠤ ᠭᠡᠷᠡᠭᠳᠡᠢ᠂ ᠵᠠᠰᠠᠭ ᠵᠠᠬᠢᠷᠭᠠᠨ ᠤ ᠪᠠᠶᠢᠭᠤᠯᠭ᠎ᠠ ᠪᠠ ᠲᠦᠷᠦ ᠶᠢᠨ ᠪᠤᠰᠤᠤᠨ ᠪᠠᠶᠢᠭᠤᠯᠭ᠎ᠠ ᠲᠠᠢ ᠬᠠᠷᠢᠶᠠᠯᠠᠭᠳᠠᠬᠤ ᠬᠠᠷᠢᠴᠠᠭ᠎ᠠ ᠪᠤᠶᠤ ᠪᠤᠰᠤᠤᠨ ᠠᠰᠢᠭ ᠲᠤᠰᠠ ᠶᠢᠨ ᠬᠠᠷᠢᠴᠠᠭ᠎ᠠ ᠲᠠᠢ ᠪᠠᠶᠢᠵᠤ ᠪᠤᠯᠬᠤ ᠦᠭᠡᠢ᠃
   

ᠬᠤᠷᠢᠨ ᠨᠢᠭᠡᠳᠦᠭᠡᠷ ᠵᠦᠢᠯ    ᠦᠢᠯᠡᠥᠨᠬᠦᠨ ᠤ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠮᠵᠢ᠂ ᠬᠡᠷᠡᠴᠢᠯᠡᠨ ᠮᠠᠭᠠᠥᠨᠯᠠᠬᠤ ᠪᠠᠶᠢᠭᠤᠯᠤᠮᠵᠢ ᠨᠤᠭᠤᠳ ᠪᠠᠶᠢᠴᠠᠭᠠᠨ ᠰᠢᠯᠭᠠᠭᠰᠠᠨ ᠦᠷ᠎ᠡ ᠳ᠋ᠦᠠᠭ ᠪᠤᠶᠤ ᠭᠡᠷᠡᠴᠢᠯᠡᠨ ᠮᠠᠭᠠᠥᠨᠯᠠᠭᠰᠠᠨ ᠭᠡᠷᠡᠴᠢ ᠪᠢᠴᠢᠭ ᠢ ᠡᠷᠭᠡᠪᠰᠢ ᠬᠠᠥᠯᠢ ᠶᠤᠰᠤᠭᠠᠷ ᠬᠤᠯᠪᠤᠭᠳᠠᠯ ᠪᠦᠬᠦᠢ ᠪᠠᠷᠢᠮᠵᠢᠶ᠎ᠠ ᠶᠢ ᠦᠨᠳᠦᠰᠦᠯᠡᠨ ᠪᠤᠰᠤᠤᠨᠴᠢ᠂ ᠭᠤᠤᠯᠴᠢ ᠪᠠᠷ ᠭᠠᠷᠭᠠᠬᠤ ᠭᠡᠷᠡᠭᠳᠡᠢ᠃
   

ᠦᠢᠯᠡᠥᠨᠬᠦᠨ ᠤ ᠶᠠᠰᠤ ᠴᠢᠨᠠᠷ ᠢ ᠭᠡᠷᠡᠴᠢᠯᠡᠨ ᠮᠠᠭᠠᠥᠨᠯᠠᠬᠤ ᠪᠠᠶᠢᠭᠤᠯᠤᠮᠵᠢ ᠨᠤᠭᠤᠳ ᠭᠡᠷᠡᠴᠢᠯᠡᠨ ᠮᠠᠭᠠᠥᠨᠯᠠᠭᠰᠠᠨ ᠲᠡᠮᠳᠡᠭ ᠭᠡᠷᠡᠭᠯᠡᠬᠦ ᠶᠢ ᠵᠦᠪᠰᠢᠶᠡᠷᠡᠭᠰᠡᠨ ᠦᠢᠯᠡᠥᠨᠬᠦᠨ ᠳᠤ ᠤᠯᠤᠰ ᠤᠨ ᠲᠤᠭᠳᠠᠭᠠᠯ ᠶᠤᠰᠤᠭᠠᠷ ᠭᠡᠷᠡᠴᠢᠯᠡᠨ ᠮᠠᠭᠠᠥᠨᠯᠠᠭᠰᠠᠨ ᠤ ᠲᠠᠷᠠᠭᠠᠬᠢ ᠮᠦᠷᠳᠡᠨ ᠪᠠᠶᠢᠴᠠᠭᠠᠯᠳᠠ ᠬᠢᠬᠦ ᠭᠡᠷᠡᠭᠳᠡᠢ︔ ᠭᠡᠷᠡᠴᠢᠯᠡᠨ ᠮᠠᠭᠠᠥᠨᠯᠠᠬᠤ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠳᠠᠯ᠎ᠠ ᠭᠡᠷᠡᠴᠢᠯᠡᠨ ᠮᠠᠭᠠᠥᠨᠯᠠᠭᠰᠠᠨ ᠲᠡᠮᠳᠡᠭ ᠢ ᠭᠡᠷᠡᠭᠯᠡᠭᠰᠡᠨ ᠪᠠᠶᠢᠪᠠᠯ ᠵᠠᠯᠠᠷᠠᠭᠤᠯᠤᠭᠤᠯᠬᠤ ᠪᠠᠷ ᠱᠠᠭᠠᠷᠳᠠᠬᠤ ᠭᠡᠷᠡᠭᠳᠡᠢ︔ ᠦᠢᠯᠡ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠭᠡᠷᠡᠴᠢᠯᠡᠨ ᠮᠠᠭᠠᠥᠨᠯᠠᠭᠰᠠᠨ ᠲᠡᠮᠳᠡᠭ ᠭᠡᠷᠡᠭᠯᠡᠬᠦ ᠬᠢᠷᠢ ᠭᠡᠮ ᠢ ᠨᠢ ᠬᠠᠰᠤᠬᠤ ᠭᠡᠷᠡᠭᠳᠡᠢ᠃
   

ᠬᠤᠷᠢᠨ ᠬᠤᠶᠠᠳᠤᠭᠠᠷ ᠵᠦᠢᠯ    ᠭᠡᠷᠡᠭᠯᠡᠭᠴᠢᠥᠨ ᠦᠢᠯᠡᠥᠨᠬᠦᠨ ᠤ ᠶᠠᠰᠤ ᠴᠢᠨᠠᠷ ᠤᠨ ᠠᠰᠠᠭᠤᠳᠠᠯ ᠤᠨ ᠲᠤᠬᠠᠢ ᠦᠢᠯᠡᠥᠨᠬᠦᠨ ᠤ ᠦᠢᠯᠡᠥᠨᠪᠦᠷᠢᠯᠡᠭᠴᠢᠥᠨ᠂ ᠪᠤᠷᠤᠯᠠᠭᠤᠯᠤᠭᠴᠢᠥᠨ ᠠᠴᠠ ᠪᠠᠶᠢᠴᠠᠭᠠᠨ ᠯᠠᠪᠯᠠᠬᠤ ᠡᠷᠭᠡ ᠲᠠᠢ︔ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ᠂ ᠦᠢᠯᠡᠥᠨᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠭᠤᠮᠤᠳᠠᠯ ᠲᠤᠭᠠᠴᠢᠬᠤ ᠡᠷᠭᠡ ᠲᠠᠢ᠂ ᠭᠤᠮᠤᠳᠠᠯ ᠲᠤᠭᠠᠴᠢᠬᠤ ᠶᠢ ᠬᠦᠯᠢᠶᠡᠨ ᠠᠪᠤᠭᠰᠠᠨ ᠰᠠᠯᠠᠭ᠎ᠠ ᠮᠦᠴᠢᠷ ᠬᠠᠷᠢᠭᠤᠴᠠᠨ ᠰᠢᠢᠥᠨᠪᠦᠷᠢᠯᠡᠵᠦ ᠦᠭᠬᠦ   ᠭᠡᠷᠡᠭᠳᠡᠢ᠃
   

ᠬᠤᠷᠢᠨ ᠭᠤᠷᠪᠠᠳᠤᠭᠠᠷ ᠵᠦᠢᠯ    ᠭᠡᠷᠡᠭᠯᠡᠭᠴᠢᠥᠨ ᠤᠨ ᠡᠷᠭᠡ ᠠᠰᠢᠭ ᠢ ᠬᠠᠮᠠᠭᠠᠯᠠᠬᠤ ᠨᠡᠶᠢᠭᠡᠮ ᠤᠨ ᠵᠤᠬᠢᠶᠠᠨ ᠪᠠᠶᠢᠭᠤᠯᠤᠯᠳᠠ ᠭᠡᠷᠡᠭᠯᠡᠭᠴᠢᠥᠨ ᠤᠨ ᠲᠤᠰᠬᠠᠭᠰᠠᠨ ᠦᠢᠯᠡᠥᠨᠬᠦᠨ ᠤ ᠶᠠᠰᠤ ᠴᠢᠨᠠᠷ ᠤᠨ ᠲᠤᠬᠠᠢ ᠠᠰᠠᠭᠤᠳᠠᠯ ᠢ ᠬᠤᠯᠪᠤᠭᠳᠠᠯ ᠪᠦᠬᠦᠢ ᠰᠠᠯᠠᠭ᠎ᠠ ᠮᠦᠴᠢᠷ  ᠲᠤ ᠰᠠᠨᠠᠭᠤᠯᠭ᠎ᠠ ᠭᠠᠷᠭᠠᠨ ᠬᠠᠷᠢᠭᠤᠴᠠᠨ ᠰᠢᠢᠥᠨᠪᠦᠷᠢᠯᠡᠬᠦᠯᠵᠦ᠂ ᠭᠡᠷᠡᠭᠯᠡᠭᠴᠢᠥᠨ ᠤᠨ ᠦᠢᠯᠡᠥᠨᠬᠦᠨ ᠤ ᠶᠠᠰᠤ ᠴᠢᠨᠠᠷ ᠠᠴᠠ ᠪᠤᠯᠤᠭᠰᠠᠨ ᠬᠤᠬᠢᠷᠠᠯ ᠤᠨ ᠲᠤᠬᠠᠢ ᠠᠷᠠᠥᠨ ᠤᠨ ᠰᠢᠬᠦᠬᠦ ᠬᠤᠷᠢᠶᠠᠨ ᠳᠤ ᠵᠠᠭᠠᠯᠳᠤᠬᠤ ᠶᠢ ᠲᠡᠮᠵᠢᠵᠦ ᠪᠤᠯᠤᠨ᠎ᠠ᠃
   

ᠬᠤᠷᠢᠨ ᠲᠦᠷᠪᠡᠳᠦᠭᠡᠷ ᠵᠦᠢᠯ    ᠲᠦᠷᠦ ᠶᠢᠨ ᠶᠠᠪᠤᠳᠠᠯ ᠤᠨ ᠬᠤᠷᠢᠶ᠎ᠠ ᠪᠤᠯᠤᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠳᠠ ᠶᠢᠨ ᠠᠷᠠᠥᠨ ᠤᠨ ᠵᠠᠰᠠᠭ ᠤᠨ ᠤᠷᠳᠤᠨ ᠤ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠤᠳ ᠬᠢᠨᠠᠯᠳᠠ ᠲᠠᠯᠪᠢᠵᠤ ᠰᠤᠩᠭᠤᠨ ᠪᠠᠶᠢᠴᠠᠭᠠᠭᠰᠠᠨ ᠦᠢᠯᠡᠥᠨᠬᠦᠨ ᠤ ᠶᠠᠰᠤ ᠴᠢᠨᠠᠷ ᠤᠨ ᠪᠠᠶᠢᠳᠠᠯ ᠤᠨ ᠲᠤᠬᠠᠢ ᠲᠤᠭᠳᠠᠮᠠᠯ ᠬᠤᠭᠤᠴᠠᠭ᠎ᠠ ᠲᠠᠢ ᠪᠠᠷ ᠠᠯᠪᠠᠨ ᠵᠠᠷ ᠨᠡᠶᠢᠳᠡᠯᠡᠬᠦ ᠭᠡᠷᠡᠭᠳᠡᠢ᠃
   

ᠬᠤᠷᠢᠨ ᠲᠠᠪᠤᠳᠤᠭᠠᠷ ᠵᠦᠢᠯ    ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠪᠤᠶᠤ ᠲᠦᠷᠦ ᠶᠢᠨ ᠪᠤᠰᠤᠤᠨ ᠪᠠᠶᠢᠭᠤᠯᠭ᠎ᠠ ᠵᠢᠴᠢ ᠦᠢᠯᠡᠥᠨᠬᠦᠨ ᠤ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠨᠤᠭᠤᠳ ᠦᠢᠯᠡᠥᠨᠪᠦᠷᠢᠯᠡᠭᠴᠢᠥᠨ ᠤᠨ ᠦᠢᠯᠡᠥᠨᠬᠦᠨ ᠢ ᠨᠡᠶᠢᠭᠡᠮ ᠳᠤ ᠲᠠᠨᠢᠯᠴᠠᠭᠤᠯᠵᠤ ᠪᠤᠯᠬᠤ ᠦᠭᠡᠢ︔ ᠦᠢᠯᠡᠥᠨᠬᠦᠨ ᠢ ᠬᠢᠨᠠᠨ ᠦᠢᠯᠡᠥᠨᠬᠦ᠂ ᠬᠢᠨᠠᠨ ᠪᠤᠷᠤᠯᠠᠭᠤᠯᠬᠤ ᠵᠡᠷᠭᠡ ᠭᠡᠯᠪᠡᠷᠢ ᠪᠠᠷ ᠦᠢᠯᠡᠥᠨᠬᠦᠨ ᠢ ᠡᠵᠡᠩᠨᠡᠬᠦ ᠠᠵᠢᠯᠯᠠᠭ᠎ᠠ ᠳᠤ ᠤᠷᠤᠯᠴᠠᠵᠤ ᠪᠤᠯᠬᠤ ᠦᠭᠡᠢ᠃


   

ᠭᠤᠷᠪᠠᠳᠤᠭᠠᠷ ᠪᠦᠯᠦᠭ      ᠦᠢᠯᠡᠥᠨᠬᠦᠨ ᠤ ᠶᠠᠰᠤ ᠴᠢᠨᠠᠷ ᠤᠨ ᠲᠤᠬᠠᠢ ᠦᠢᠯᠡᠥᠨᠪᠦᠷᠢᠯᠡᠭᠴᠢᠥᠨ ᠬᠢᠭᠡᠥᠨ ᠪᠤᠷᠤᠯᠠᠭᠤᠯᠤᠭᠴᠢᠥᠨ ᠤᠨ ᠬᠠᠷᠢᠭᠤᠴᠠᠯᠭ᠎ᠠ ᠪᠠ ᠡᠭᠦᠷᠭᠡ       

ᠨᠢᠭᠡᠳᠦᠭᠡᠷ ᠭᠡᠰᠡᠭ      ᠦᠢᠯᠡᠥᠨᠬᠦᠨ ᠤ ᠶᠠᠰᠤ ᠴᠢᠨᠠᠷ ᠤᠨ ᠲᠤᠬᠠᠢ ᠦᠢᠯᠡᠥᠨᠪᠦᠷᠢᠯᠡᠭᠴᠢᠥᠨ ᠤᠨ ᠬᠠᠷᠢᠭᠤᠴᠠᠯᠭ᠎ᠠ ᠪᠠ ᠡᠭᠦᠷᠭᠡ
      

ᠬᠤᠷᠢᠨ ᠵᠢᠷᠭᠤᠳᠤᠭᠠᠷ ᠵᠦᠢᠯ    ᠦᠢᠯᠡᠥᠨᠪᠦᠷᠢᠯᠡᠭᠴᠢᠥᠨ ᠲᠡᠬᠦᠨ ᠤ ᠦᠢᠯᠡᠥᠨᠪᠦᠷᠢᠯᠡᠭᠰᠡᠨ ᠦᠢᠯᠡᠥᠨᠬᠦᠨ ᠤ ᠶᠠᠰᠤ ᠴᠢᠨᠠᠷ ᠤᠨ ᠲᠤᠬᠠᠢ ᠬᠠᠷᠢᠭᠤᠴᠠᠬᠤ ᠭᠡᠷᠡᠭᠳᠡᠢ᠃ ᠦᠢᠯᠡᠥᠨᠬᠦᠨ ᠤ ᠶᠠᠰᠤ ᠴᠢᠨᠠᠷ ᠨᠢ ᠲᠤᠤᠷ᠎ᠠ ᠵᠢᠠᠠᠰᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠭᠡᠷᠡᠭᠳᠡᠢ᠄
   

︵ᠨᠢᠭᠡ︶ ᠬᠦᠮᠦᠨ ᠤ ᠪᠡᠶ᠎ᠠ᠂ ᠡᠳ᠋ ᠬᠦᠷᠦᠩᠭᠡ ᠶᠢᠨ ᠠᠮᠤᠷ ᠲᠦᠪᠰᠢᠨ ᠳᠤ ᠬᠦᠨᠦᠭᠡᠯ ᠤᠴᠠᠷᠠᠭᠤᠯᠵᠤ ᠮᠡᠳᠡᠬᠦ ᠵᠤᠬᠢᠰ ᠦᠭᠡᠢ ᠠᠶᠤᠯ ᠦᠯᠦ ᠤᠷᠤᠰᠢᠬᠤ ᠪᠦᠭᠡᠥᠨ ᠬᠦᠮᠦᠨ ᠤ ᠪᠡᠶ᠎ᠡ ᠶᠢᠨ ᠡᠷᠡᠬᠦᠯ ᠮᠡᠨᠳᠦ ᠪᠠ ᠬᠦᠮᠦᠨ ᠤ ᠪᠡᠶ᠎ᠡ᠂ ᠡᠳ᠋ ᠬᠦᠷᠦᠩᠭᠡ ᠶᠢᠨ ᠠᠮᠤᠷ ᠲᠦᠪᠰᠢᠨ ᠪᠠᠶᠢᠬᠤ ᠶᠢ ᠪᠠᠳᠤᠯᠠᠬᠤ ᠲᠤᠬᠠᠢ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠲᠠᠢ ᠪᠠᠶᠢᠪᠠᠯ ᠲᠤᠰ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠶᠤᠰᠤᠳᠠᠢ︔
   

︵ᠬᠤᠶᠠᠷ︶ ᠦᠢᠯᠡᠥᠨᠬᠦᠨ ᠳᠤ ᠪᠠᠶᠢᠪᠠᠯ ᠵᠤᠬᠢᠬᠤ ᠭᠡᠷᠡᠭᠯᠡᠭᠡᠨ ᠤ ᠴᠢᠳᠠᠪᠤᠷᠢ ᠶᠢ ᠪᠦᠷᠢᠳᠦᠬᠦᠯᠬᠦ ᠭᠡᠷᠡᠭᠳᠡᠢ᠂ ᠭᠡᠬᠦ ᠳᠡᠭᠡᠨ ᠦᠢᠯᠡᠥᠨᠬᠦᠨ ᠤ ᠭᠡᠷᠡᠭᠯᠡᠭᠡᠨ ᠤ ᠴᠢᠳᠠᠪᠤᠷᠢ ᠶᠢᠨ ᠡᠶᠢᠮᠦ ᠲᠡᠶᠢᠮᠦ ᠬᠤᠮᠰᠠᠳᠠᠬᠤ ᠭᠠᠵᠠᠷ ᠲᠤ ᠲᠤᠳᠤᠷᠬᠠᠢᠢᠯᠠᠯᠳᠠ ᠬᠢᠭᠰᠡᠨ ᠪᠠᠶᠢᠪᠠᠯ ᠡᠭᠦᠨ ᠳᠤ ᠪᠠᠭᠳᠠᠬᠤ ᠦᠭᠡᠢ︔
   

︵ᠭᠤᠷᠪᠠ︶ ᠦᠢᠯᠡᠥᠨᠬᠦᠨ ᠪᠤᠶᠤ ᠦᠢᠯᠡᠥᠨᠬᠦᠨ ᠤ ᠭᠠᠳᠠᠷ ᠪᠤᠭᠤᠳᠠᠯ ᠪᠠᠭᠯᠠᠭ᠎ᠠ ᠲᠡᠭᠡᠷ᠎ᠡ ᠲᠤᠳᠤᠷᠬᠠᠢᠢᠯᠠᠭᠰᠠᠨ ᠦᠢᠯᠡᠥᠨᠬᠦᠨ ᠤ ᠪᠠᠷᠢᠮᠵᠢᠶ᠎ᠠ ᠳᠤ ᠨᠡᠶᠢᠴᠡᠵᠦ᠂ ᠦᠢᠯᠡᠥᠨᠬᠦᠨ ᠤ ᠲᠤᠳᠤᠷᠬᠠᠢᠢᠯᠠᠯᠳᠠ᠂ ᠪᠤᠳᠠᠳᠤ ᠶᠠᠭᠤᠮ᠎ᠠ ᠶᠢᠨ ᠦᠯᠢᠭᠡᠷ ᠡᠳ᠋ ᠵᠡᠷᠭᠡ ᠠᠷᠭ᠎ᠠ ᠮᠠᠶᠢᠭ ᠢᠶᠠᠷ ᠢᠯᠡᠥᠨᠭᠡᠭᠰᠡᠨ ᠶᠠᠰᠤ ᠴᠢᠨᠠᠷ ᠤᠨ ᠪᠠᠶᠢᠳᠠᠯ ᠳᠤ ᠨᠡᠶᠢᠴᠡᠬᠦ ᠭᠡᠷᠡᠭᠳᠡᠢ᠃
   

ᠬᠤᠷᠢᠨ ᠲᠤᠯᠤᠳᠤᠭᠠᠷ ᠵᠦᠢᠯ    ᠦᠢᠯᠡᠥᠨᠬᠦᠨ ᠪᠤᠶᠤ ᠦᠢᠯᠡᠥᠨᠬᠦᠨ ᠤ ᠪᠤᠭᠤᠳᠠᠯ ᠪᠠᠭᠯᠠᠭ᠎ᠠ ᠲᠡᠭᠡᠷᠡᠬᠢ ᠲᠡᠮᠳᠡᠭ ᠨᠢ ᠡᠷᠭᠡᠪᠰᠢ ᠦᠨᠡᠨ ᠪᠤᠳᠠᠳᠠᠢ ᠪᠠᠶᠢᠬᠤ ᠶᠢᠨ ᠬᠠᠮᠳᠤ ᠲᠤᠤᠷ᠎ᠠ ᠵᠢᠠᠠᠰᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ   ᠭᠡᠷᠡᠭᠳᠡᠢ᠄
   

︵ᠨᠢᠭᠡ︶ ᠦᠢᠯᠡᠥᠨᠬᠦᠨ ᠤ ᠶᠠᠰᠤ ᠴᠢᠨᠠᠷ ᠨᠢ ᠪᠠᠶᠢᠴᠠᠭᠠᠨ ᠰᠢᠯᠭᠠᠬᠤ ᠳᠤ ᠬᠢᠷᠢ ᠲᠡᠩᠴᠡᠭᠰᠡᠨ ᠭᠡᠷᠡᠴᠢ ᠲᠠᠢ ᠪᠠᠶᠢᠬᠤ︔
   

︵ᠬᠤᠶᠠᠷ︶ ᠬᠢᠳᠠᠥᠨ ᠪᠢᠴᠢᠭ ᠢᠶᠠᠷ ᠲᠤᠳᠤᠷᠬᠠᠢᠢᠯᠠᠭᠰᠠᠨ ᠦᠢᠯᠡᠥᠨᠬᠦᠨ ᠤ ᠨᠡᠷ᠎ᠡ᠂ ᠦᠢᠯᠡᠥᠨᠪᠦᠷᠢᠯᠡᠭᠰᠡᠨ ᠦᠢᠯᠡᠥᠨᠪᠦᠷᠢ ᠶᠢᠨ ᠨᠡᠷ᠎ᠡ ᠪᠠ ᠦᠢᠯᠡᠥᠨᠪᠦᠷᠢ ᠶᠢᠨ ᠬᠠᠶ᠋ᠢᠭ ᠲᠠᠢ ᠪᠠᠶᠢᠬᠤ︔
   

︵ᠭᠤᠷᠪᠠ︶ ᠦᠢᠯᠡᠥᠨᠬᠦᠨ ᠤ ᠤᠨᠴᠠᠯᠢᠭ ᠪᠠ ᠭᠡᠷᠡᠭᠯᠡᠬᠦ ᠱᠠᠭᠠᠷᠳᠠᠯᠭ᠎ᠠ ᠶᠢ ᠦᠨᠳᠦᠰᠦᠯᠡᠵᠦ᠂ ᠦᠢᠯᠡᠥᠨᠬᠦᠨ ᠤ ᠭᠡᠪ ᠪᠠᠷᠢᠮᠵᠢᠶ᠎ᠠ᠂ ᠲᠡᠰ᠂ ᠭᠤᠤᠯ ᠨᠠᠶᠢᠷᠠᠯᠭ᠎ᠠ ᠶᠢᠨ ᠨᠡᠷ᠎ᠡ ᠪᠠ ᠲᠡᠬᠦᠨ ᠤ ᠭᠡᠮᠵᠢᠶ᠎ᠡ ᠶᠢ ᠲᠤᠳᠤᠷᠬᠠᠢᠢᠯᠠᠬᠤ ᠴᠢᠬᠤᠯᠳᠠᠢ ᠪᠤᠯ ᠬᠢᠳᠠᠥᠨ ᠪᠢᠴᠢᠭ ᠢᠶᠠᠷ ᠵᠤᠬᠢᠴᠠᠩᠭᠤᠢ ᠪᠠᠷ ᠲᠤᠳᠤᠷᠬᠠᠢᠢᠯᠠᠨ ᠪᠢᠴᠢᠬᠦ︔ ᠭᠡᠷᠡᠭᠯᠡᠭᠴᠢᠥᠨ ᠲᠤ ᠤᠷᠢᠳᠠᠪᠠᠷ ᠮᠡᠳᠡᠭᠳᠡᠬᠦ ᠴᠢᠬᠤᠯᠨ ᠲᠠᠢ ᠵᠦᠢᠯ ᠢ ᠭᠠᠳᠠᠷ ᠪᠤᠭᠤᠳᠠᠯ ᠪᠠᠭᠯᠠᠭ᠎ᠠ ᠲᠡᠭᠡᠷ᠎ᠡ ᠨᠢ ᠲᠤᠳᠤᠷᠬᠠᠢ ᠪᠢᠴᠢᠬᠦ ᠪᠤᠶᠤ ᠬᠤᠯᠪᠤᠭᠳᠠᠯ ᠪᠦᠬᠦᠢ ᠮᠠᠲ᠋ᠧᠷᠢᠶᠠᠯ ᠢ ᠭᠡᠷᠡᠭᠯᠡᠭᠴᠢᠥᠨ ᠲᠤ ᠤᠷᠢᠳᠠᠪᠠᠷ ᠬᠠᠩᠭᠠᠵᠤ ᠦᠭᠬᠦ︔
   

︵ᠲᠦᠷᠪᠡ︶ ᠲᠤᠭᠳᠠᠭᠰᠠᠨ ᠬᠤᠭᠤᠴᠠᠭᠠᠨ ᠳᠤ ᠭᠡᠷᠡᠭᠯᠡᠬᠦ ᠦᠢᠯᠡᠥᠨᠬᠦᠨ ᠤ ᠦᠢᠯᠡᠥᠨᠪᠦᠷᠢᠯᠡᠭᠰᠡᠨ ᠡᠳᠦᠷ ᠬᠤᠭᠤᠴᠠᠭ᠎ᠠ ᠪᠠ ᠠᠶᠤᠯ ᠦᠭᠡᠢ ᠭᠡᠷᠡᠭᠯᠡᠬᠦ ᠬᠤᠭᠤᠴᠠᠭ᠎ᠠ ᠵᠢᠴᠢ ᠬᠦᠴᠦᠨ ᠢᠶᠠᠨ ᠠᠯᠳᠠᠬᠤ ᠬᠤᠭᠤᠴᠠᠭ᠎ᠠ ᠶᠢ ᠢᠯᠡᠭᠡᠨ ᠭᠠᠵᠠᠷ ᠲᠤ ᠲᠤᠳᠤᠷᠬᠠᠢ ᠪᠢᠴᠢᠬᠦ︔
   

︵ᠲᠠᠪᠤ︶ ᠵᠤᠬᠢᠰ ᠦᠭᠡᠢ ᠭᠡᠷᠡᠭᠯᠡᠪᠡᠯ ᠦᠢᠯᠡᠥᠨᠬᠦᠨ ᠤ ᠲᠤᠰ ᠪᠡᠶ᠎ᠡ ᠢ ᠠᠮᠠᠷᠬᠠᠨ ᠡᠪᠳᠡᠷᠡᠵᠦ ᠬᠤᠬᠢᠷᠠᠬᠤ ᠪᠤᠶᠤ ᠬᠦᠮᠦᠨ ᠤ ᠪᠡᠶ᠎ᠡ᠂ ᠡᠳ᠋ ᠬᠦᠷᠦᠩᠭᠡ ᠶᠢᠨ ᠠᠮᠤᠷ ᠲᠦᠪᠰᠢᠨ ᠳᠤ ᠬᠦᠨᠦᠭᠡᠯ ᠤᠴᠠᠷᠠᠭᠤᠯᠵᠤ ᠮᠡᠳᠡᠬᠦ ᠦᠢᠯᠡᠥᠨᠬᠦᠨ ᠳᠤ ᠰᠡᠷᠡᠮᠵᠢᠯᠡᠬᠦᠯᠬᠦ ᠲᠡᠮᠳᠡᠭ ᠪᠤᠶᠤ ᠬᠢᠳᠠᠥᠨ ᠪᠢᠴᠢᠭ ᠤᠨ ᠰᠡᠷᠡᠮᠵᠢᠯᠡᠬᠦᠯᠬᠦ ᠲᠤᠳᠤᠷᠬᠠᠢᠢᠯᠠᠯᠳᠠ ᠲᠠᠢ ᠪᠠᠶᠢᠬᠤ ᠭᠡᠷᠡᠭᠳᠡᠢ᠃ ᠪᠤᠭᠤᠳᠠᠯ ᠪᠠᠭᠯᠠᠭ᠎ᠠ ᠦᠭᠡᠢ ᠢᠳᠡᠭᠡᠨ ᠪᠤᠶᠤ ᠦᠢᠯᠡᠥᠨᠬᠦᠨ ᠤ ᠤᠨᠴᠠᠯᠢᠭ ᠠᠴᠠ ᠪᠤᠯᠵᠤ ᠲᠡᠮᠳᠡᠭ ᠬᠠᠳᠠᠬᠤ ᠶᠢᠨ ᠠᠷᠭ᠎ᠠ ᠦᠭᠡᠢ ᠪᠤᠭᠤᠳᠠᠯ ᠪᠠᠭᠯᠠᠭ᠎ᠠ ᠦᠭᠡᠢ ᠪᠤᠰᠤᠤᠨ ᠦᠢᠯᠡᠥᠨᠬᠦᠨ ᠲᠡᠭᠡᠷ᠎ᠠ ᠲᠡᠮᠳᠡᠭ ᠬᠠᠳᠠᠬᠤ ᠦᠭᠡᠢ ᠪᠠᠶᠢᠵᠤ ᠪᠤᠯᠤᠨ᠎ᠠ᠃
   

ᠬᠤᠷᠢᠨ ᠨᠠᠢᠮᠠᠳᠤᠭᠠᠷ ᠵᠦᠢᠯ   ᠭᠡᠮᠭᠡᠷᠡᠮᠡᠳᠡᠭᠡᠢ᠂ ᠨᠤᠴᠤᠮᠳᠠᠭᠠᠢ᠂ ᠲᠠᠰᠤᠷᠠᠮᠡᠳᠡᠭᠡᠢ᠂ ᠬᠤᠤᠷᠳᠠᠢ᠂ ᠢᠳᠡᠮᠡᠭᠡᠢ ᠴᠢᠨᠠᠷ ᠲᠠᠢ᠂ ᠰᠠᠴᠤᠷᠠᠭ ᠢᠳᠡᠪᠬᠢ ᠴᠢᠨᠠᠷ ᠲᠠᠢ ᠪᠠᠶᠢᠬᠤ ᠵᠡᠷᠭᠡ ᠠᠶᠤᠯᠳᠠᠢ ᠡᠳ᠋ ᠪᠠᠷᠠᠭ᠎ᠠ᠂ ᠬᠠᠳᠠᠭᠠᠯᠠᠬᠤ ᠪᠠ ᠵᠦᠭᠡᠭᠡᠪᠦᠷᠢᠯᠡᠬᠦ ᠳᠤ ᠲᠤᠬᠢᠷᠠᠭᠤᠯᠤᠨ ᠦᠯᠦ ᠪᠤᠯᠬᠤ ᠵᠢᠴᠢ ᠪᠤᠰᠤᠤᠨ ᠤᠨᠴᠠᠭᠠᠢ ᠱᠠᠭᠠᠷᠳᠠᠯᠭ᠎ᠠ ᠲᠠᠢ ᠦᠢᠯᠡᠥᠨᠬᠦᠨ ᠤ ᠪᠤᠭᠤᠳᠠᠯ ᠪᠠᠭᠯᠠᠭ᠎ᠠ ᠶᠢᠨ ᠶᠠᠰᠤ ᠴᠢᠨᠠᠷ ᠨᠢ ᠡᠷᠭᠡᠪᠡᠰᠢ ᠵᠤᠬᠢᠴᠠᠩᠭᠤᠢ ᠱᠠᠭᠠᠷᠳᠠᠯᠭ᠎ᠠ ᠳᠤ ᠨᠡᠶᠢᠴᠡᠵᠦ᠂ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠡᠷᠡᠮᠵᠢᠯᠡᠬᠦᠯᠬᠦ ᠲᠡᠮᠳᠡᠭ ᠬᠠᠳᠠᠬᠤ ᠪᠤᠶᠤ ᠬᠢᠳᠠᠥᠨ ᠪᠢᠴᠢᠭ ᠢᠶᠠᠷ ᠰᠡᠷᠡᠮᠵᠢᠬᠦᠯᠤᠨ ᠲᠤᠳᠤᠷᠬᠠᠢᠢᠯᠳᠠ ᠬᠢᠵᠦ᠂ ᠬᠠᠳᠠᠭᠠᠯᠠᠬᠤ ᠪᠠ ᠵᠦᠭᠡᠭᠡᠪᠦᠷᠢᠯᠡᠬᠦ ᠳᠤ ᠠᠩᠬᠠᠷᠬᠤ ᠵᠦᠢᠯ ᠢ ᠲᠡᠮᠳᠡᠭᠯᠡᠨ ᠲᠤᠳᠤᠷᠬᠠᠢᠢᠯᠠᠬᠤ ᠭᠡᠷᠡᠭᠳᠡᠢ᠃
   

ᠬᠤᠷᠢ ᠶᠢᠰᠦᠳᠦᠭᠡᠷ ᠵᠦᠢᠯ    ᠤᠯᠤᠰ ᠠᠴᠠ ᠴᠠᠭᠠᠵᠠᠯᠠᠭᠰᠠᠨ ᠦᠢᠯᠡᠥᠨᠬᠦᠨ ᠭᠡᠵᠦ ᠲᠤᠳᠤᠷᠬᠠᠢ ᠵᠠᠷᠯᠠᠭᠰᠠᠨ ᠦᠢᠯᠡᠥᠨᠬᠦᠨ ᠢ ᠦᠢᠯᠡᠥᠨᠪᠦᠷᠢᠯᠡᠭᠴᠢ ᠦᠢᠯᠡᠥᠨᠪᠦᠷᠢᠯᠡᠵᠦ ᠪᠤᠯᠬᠤ ᠦᠭᠡᠢ᠃
   

ᠭᠤᠴᠢᠳᠤᠭᠠᠷ ᠵᠦᠢᠯ    ᠦᠢᠢᠯᠡᠥᠨᠪᠦᠷᠢᠯᠡᠭᠴᠢᠥᠨ ᠦᠢᠯᠡᠥᠨᠪᠦᠷᠢᠯᠡᠭᠰᠡᠨ ᠭᠠᠵᠠᠷ ᠢᠶᠠᠨ ᠬᠠᠭᠤᠷᠮᠠᠭᠯᠠᠨ ᠵᠤᠬᠢᠶᠠᠵᠤ ᠪᠤᠯᠬᠤ ᠦᠭᠡᠢ᠂ ᠪᠤᠰᠤᠤᠨ ᠤᠨ ᠦᠢᠯᠡᠥᠨᠪᠦᠷᠢ ᠶᠢᠨ ᠨᠡᠷ᠎ᠡ᠂ ᠦᠢᠯᠡᠥᠨᠪᠦᠷᠢ ᠶᠢᠨ ᠬᠠᠶ᠋ᠢᠭ ᠢ ᠬᠠᠭᠤᠷᠮᠠᠭᠯᠠᠨ ᠵᠤᠬᠢᠶᠠᠬᠤ ᠪᠤᠶᠤ ᠬᠠᠭᠤᠷᠮᠠᠭᠯᠠᠨ ᠭᠡᠷᠡᠭᠯᠡᠵᠦ ᠪᠤᠯᠬᠤ ᠦᠭᠡᠢ᠃
   

ᠭᠤᠴᠢᠨ ᠨᠢᠭᠡᠳᠦᠭᠡᠷ ᠵᠦᠢᠯ    ᠦᠢᠯᠡᠥᠨᠪᠦᠷᠢᠯᠡᠭᠴᠢᠥᠨ ᠬᠡᠷᠡᠴᠢᠯᠡᠨ ᠮᠠᠭᠠᠥᠨᠯᠠᠭᠰᠠᠨ ᠲᠡᠮᠳᠡᠭ ᠵᠡᠷᠭᠡ ᠶᠠᠰᠤ ᠴᠢᠨᠠᠷ ᠤᠨ ᠲᠡᠮᠳᠡᠭ ᠢ ᠬᠠᠭᠤᠷᠮᠠᠭᠯᠠᠨ ᠵᠤᠬᠢᠶᠠᠬᠤ ᠪᠤᠶᠤ ᠬᠠᠭᠤᠷᠮᠠᠭᠯᠠᠨ ᠭᠡᠷᠡᠭᠯᠡᠵᠦ ᠪᠤᠯᠬᠤ ᠦᠭᠡᠢ᠃
   

ᠭᠤᠴᠢᠨ ᠬᠤᠶᠠᠳᠤᠭᠠᠷ ᠵᠦᠢᠯ    ᠦᠢᠯᠡᠥᠨᠪᠦᠷᠢᠯᠡᠭᠴᠢᠥᠨ ᠦᠢᠯᠡᠥᠨᠬᠦᠨ ᠦᠢᠯᠡᠥᠨᠪᠦᠷᠢᠯᠡᠬᠦ ᠳᠡᠭᠡᠨ ᠬᠤᠯᠢᠮᠠᠭ ᠬᠠᠭᠤᠷᠮᠠᠭ ᠶᠠᠭᠤᠮ᠎ᠠ ᠬᠤᠯᠢᠵᠤ ᠪᠤᠯᠬᠤ ᠦᠭᠡᠢ᠂ ᠬᠠᠭᠤᠷᠮᠠᠭ ᠶᠠᠭᠤᠮ᠎ᠠ ᠪᠠᠷ ᠵᠢᠩᠭᠢᠨᠢ ᠶᠢ ᠤᠷᠤᠯᠠᠭᠤᠯᠵᠤ᠂ ᠮᠠᠭᠤ ᠶᠠᠭᠤᠮ᠎ᠠ ᠪᠠᠷ ᠰᠠᠶᠢᠨ ᠢ ᠤᠷᠤᠯᠠᠭᠤᠯᠵᠤ ᠪᠤᠯᠬᠤ ᠦᠭᠡᠢ᠂ ᠭᠢᠷᠢ ᠲᠡᠩᠴᠡᠭᠰᠡᠨ ᠦᠭᠡᠢ ᠦᠢᠯᠡᠥᠨᠬᠦᠨ ᠢᠶᠠᠷ ᠬᠢᠷᠢ ᠲᠡᠩᠴᠡᠭᠰᠡᠨ ᠦᠢᠯᠡᠥᠨᠬᠦᠨ ᠢ ᠤᠷᠤᠯᠠᠭᠤᠯᠵᠤ ᠪᠤᠯᠬᠤ ᠦᠭᠡᠢ᠃

      

ᠬᠤᠶᠠᠳᠤᠭᠠᠷ ᠭᠡᠰᠡᠭ      ᠦᠢᠯᠡᠥᠨᠬᠦᠨ ᠤ ᠶᠠᠰᠤ ᠴᠢᠨᠠᠷ ᠤᠨ ᠲᠤᠬᠠᠢ ᠪᠤᠷᠤᠯᠠᠭᠤᠯᠤᠭᠴᠢᠥᠨ ᠤᠨ ᠬᠠᠷᠢᠭᠤᠴᠠᠯᠭ᠎ᠠ ᠪᠠ ᠡᠭᠦᠷᠭᠡ
      

ᠭᠤᠴᠢᠨ ᠭᠤᠷᠪᠠᠳᠤᠭᠠᠷ ᠵᠦᠢᠯ    ᠪᠤᠷᠤᠯᠠᠭᠤᠯᠤᠭᠴᠢᠥᠨ ᠪᠠᠷᠠᠭ᠎ᠠ ᠤᠷᠤᠭᠤᠯᠬᠤ ᠳᠠᠭᠠᠨ ᠪᠠᠶᠢᠴᠠᠭᠠᠨ ᠰᠢᠯᠭᠠᠵᠤ ᠠᠪᠬᠤ ᠲᠦᠷᠢᠮ ᠢ ᠭᠡᠷᠡᠭᠵᠢᠬᠦᠯᠵᠦ᠂ ᠦᠢᠯᠡᠥᠨᠬᠦᠨ ᠤ ᠬᠢᠷᠢ ᠲᠡᠩᠴᠡᠭᠰᠡᠨ ᠭᠡᠷᠡᠴᠢ ᠪᠠ ᠪᠤᠰᠤᠤᠨ ᠲᠡᠮᠳᠡᠭ ᠢ ᠰᠢᠯᠭᠠᠵᠤ ᠲᠤᠳᠤᠯᠠᠬᠤ ᠭᠡᠷᠡᠭᠳᠡᠢ᠃
   

ᠭᠤᠴᠢᠨ ᠲᠦᠷᠪᠡᠳᠦᠭᠡᠷ ᠵᠦᠢᠯ    ᠪᠤᠷᠤᠯᠠᠭᠤᠯᠤᠭᠴᠢᠥᠨ ᠠᠷᠭ᠎ᠠ ᠭᠡᠮᠵᠢᠶ᠎ᠡ ᠠᠪᠴᠤ ᠪᠠᠶᠢᠭᠠᠥᠨ ᠪᠤᠷᠤᠯᠠᠭᠤᠯᠬᠤ ᠦᠢᠯᠡᠥᠨᠬᠦᠨ ᠤ  ᠪᠠᠨ ᠶᠠᠰᠤ ᠴᠢᠨᠠᠷ ᠢ ᠪᠠᠳᠤᠯᠠᠬᠤ ᠭᠡᠷᠡᠭᠳᠡᠢ᠃
   

ᠭᠤᠴᠢᠨ ᠲᠠᠪᠤᠳᠤᠭᠠᠷ ᠵᠦᠢᠯ    ᠤᠯᠤᠰ ᠠᠴᠠ ᠴᠠᠭᠠᠵᠠᠯᠠᠭᠰᠠᠨ ᠦᠢᠯᠡᠥᠨᠬᠦᠨ ᠭᠡᠵᠦ ᠲᠤᠳᠤᠷᠬᠠᠢ ᠵᠠᠷᠯᠠᠭᠰᠠᠨ ᠪᠦᠭᠡᠥᠨ ᠪᠤᠷᠤᠯᠠᠭᠤᠯᠬᠤ ᠶᠢ ᠨᠢ ᠵᠤᠭᠰᠤᠭᠠᠭᠰᠠᠨ ᠦᠢᠯᠡᠥᠨᠬᠦᠨ ᠪᠠ ᠬᠦᠴᠦᠨ ᠢᠶᠠᠨ ᠠᠯᠳᠠᠭᠰᠠᠨ᠂ ᠴᠢᠨᠠᠷ ᠬᠤᠪᠢᠷᠠᠭᠰᠠᠨ ᠦᠢᠯᠡᠥᠨᠬᠦᠨ ᠢ ᠪᠤᠷᠤᠯᠠᠭᠤᠯᠤᠭᠴᠢᠥᠨ ᠪᠤᠷᠤᠯᠠᠭᠤᠯᠵᠤ ᠪᠤᠯᠬᠤ ᠦᠭᠡᠢ᠃
   

ᠭᠤᠴᠢᠨ ᠵᠢᠷᠭᠤᠳᠤᠭᠠᠷ ᠵᠦᠢᠯ    ᠪᠤᠷᠤᠯᠠᠭᠤᠯᠤᠭᠴᠢᠥᠨ ᠤᠨ ᠪᠤᠷᠤᠯᠠᠭᠤᠯᠬᠤ ᠦᠢᠯᠡᠥᠨᠬᠦᠨ ᠤ ᠲᠡᠮᠳᠡᠭ ᠨᠢ ᠲᠤᠰ ᠬᠠᠥᠯᠢ ᠶᠢᠨ ᠬᠤᠷᠢᠨ ᠲᠤᠯᠤᠳᠤᠭᠠᠷ ᠵᠦᠢᠯ ᠤᠨ ᠲᠤᠭᠳᠠᠭᠠᠯ ᠲᠠᠢ ᠨᠡᠶᠢᠴᠡᠭᠰᠡᠨ ᠪᠠᠶᠢᠬᠤ ᠭᠡᠷᠡᠭᠳᠡᠢ᠃
   

ᠭᠤᠴᠢᠨ ᠲᠤᠯᠤᠳᠤᠭᠠᠷ ᠵᠦᠢᠯ    ᠪᠤᠷᠤᠯᠠᠭᠤᠯᠤᠭᠴᠢᠥᠨ ᠦᠢᠯᠡᠥᠨᠪᠦᠷᠢᠯᠡᠭᠰᠡᠨ ᠭᠠᠵᠠᠷ ᠢ ᠬᠠᠭᠤᠷᠮᠠᠭᠯᠠᠨ ᠵᠤᠬᠢᠶᠠᠵᠤ ᠪᠤᠯᠬᠤ ᠦᠭᠡᠢ᠂ ᠪᠤᠰᠤᠤᠨ ᠤᠨ ᠦᠢᠯᠡᠥᠨᠪᠦᠷᠢ ᠶᠢᠨ ᠨᠡᠷ᠎ᠡ᠂ ᠦᠢᠯᠡᠥᠨᠪᠦᠷᠢ ᠶᠢᠨ ᠬᠠᠶ᠋ᠢᠭ ᠢ ᠬᠠᠭᠤᠷᠮᠠᠭᠯᠠᠨ ᠵᠤᠬᠢᠶᠠᠬᠤ ᠪᠤᠶᠤ ᠬᠠᠭᠤᠷᠮᠠᠭᠯᠠᠨ ᠭᠡᠷᠡᠭᠯᠡᠵᠦ ᠪᠤᠯᠬᠤ ᠦᠭᠡᠢ᠃
   

ᠭᠤᠴᠢᠨ ᠨᠠᠢᠮᠠᠳᠤᠭᠠᠷ ᠵᠦᠢᠯ    ᠪᠤᠷᠤᠯᠠᠭᠤᠯᠤᠭᠴᠢᠥᠨ ᠭᠡᠷᠡᠴᠢᠯᠡᠨ ᠮᠠᠭᠠᠥᠨᠯᠠᠭᠰᠠᠨ ᠲᠡᠮᠳᠡᠭ ᠵᠡᠷᠭᠡ ᠶᠠᠰᠤ ᠴᠢᠨᠠᠷ ᠤᠨ ᠲᠡᠮᠳᠡᠭ ᠢ ᠬᠠᠭᠤᠷᠮᠠᠭᠯᠠᠨ ᠵᠤᠬᠢᠶᠠᠬᠤ ᠪᠤᠶᠤ ᠬᠠᠭᠤᠷᠮᠠᠭᠯᠠᠨ ᠭᠡᠷᠡᠭᠯᠡᠵᠦ ᠪᠤᠯᠬᠤ ᠦᠭᠡᠢ᠃
   

ᠭᠤᠴᠢ ᠶᠢᠰᠦᠳᠦᠭᠡᠷ ᠵᠦᠢᠯ    ᠪᠤᠷᠤᠯᠠᠭᠤᠯᠤᠭᠴᠢᠥᠨ ᠦᠢᠯᠡᠥᠨᠬᠦᠨ ᠪᠤᠷᠤᠯᠠᠭᠤᠯᠬᠤ ᠳᠠᠭᠠᠨ ᠬᠤᠯᠢᠮᠠᠭ ᠬᠠᠭᠤᠷᠮᠠᠭ ᠶᠠᠭᠤᠮ᠎ᠠ ᠬᠤᠯᠢᠵᠤ ᠪᠤᠯᠬᠤ ᠦᠭᠡᠢ᠂ ᠬᠠᠭᠤᠷᠮᠠᠭ ᠶᠠᠭᠤᠮ᠎ᠠ ᠪᠠᠷ ᠵᠢᠩᠭᠢᠨᠢ ᠶᠢ ᠤᠷᠤᠯᠠᠭᠤᠯᠵᠤ᠂ ᠮᠠᠭᠤ ᠶᠠᠭᠤᠮ᠎ᠠ ᠪᠠᠷ ᠰᠠᠶᠢᠨ ᠢ ᠤᠷᠤᠯᠠᠭᠤᠯᠵᠤ ᠪᠤᠯᠬᠤ ᠦᠭᠡᠢ᠂ ᠭᠢᠷᠢ ᠲᠡᠩᠴᠡᠭᠰᠡᠨ ᠦᠭᠡᠢ ᠦᠢᠯᠡᠥᠨᠬᠦᠨ ᠢᠶᠠᠷ ᠬᠢᠷᠢ ᠲᠡᠩᠴᠡᠭᠰᠡᠨ ᠦᠢᠯᠡᠥᠨᠬᠦᠨ ᠢ ᠤᠷᠤᠯᠠᠭᠤᠯᠵᠤ ᠪᠤᠯᠬᠤ ᠦᠭᠡᠢ᠃


      

ᠲᠦᠷᠪᠡᠳᠦᠭᠡᠷ ᠪᠦᠯᠦᠭ      ᠬᠤᠬᠢᠷᠠᠯ ᠢ ᠲᠦᠯᠦᠭᠦ       

ᠲᠦᠴᠢᠳᠦᠭᠡᠷ ᠵᠦᠢᠯ    ᠬᠤᠳᠠᠯᠳᠤᠵᠤ ᠭᠠᠷᠭᠠᠭᠰᠠᠨ ᠦᠢᠯᠡᠥᠨᠬᠦᠨ ᠳᠤ ᠲᠤᠤᠷ᠎ᠠ ᠵᠢᠠᠠᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠪᠤᠷᠤᠯᠠᠭᠤᠯᠤᠭᠴᠢᠥᠨ ᠵᠠᠰᠠᠬᠤ᠂ ᠰᠤᠯᠢᠬᠤ᠂ ᠪᠠᠷᠠᠭ᠎ᠠ ᠪᠤᠴᠠᠭᠠᠬᠤ ᠶᠢ ᠬᠠᠷᠢᠭᠤᠴᠠᠬᠤ ᠭᠡᠷᠡᠭᠳᠡᠢ︔ ᠦᠢᠯᠡᠥᠨᠬᠦᠨ ᠢ ᠬᠤᠳᠠᠯᠳᠤᠵᠤ ᠠᠪᠤᠭᠰᠠᠨ ᠭᠡᠷᠡᠭᠯᠡᠭᠴᠢᠥᠨ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠪᠤᠷᠤᠯᠠᠭᠤᠯᠤᠭᠴᠢᠥᠨ ᠬᠤᠬᠢᠷᠠᠯ ᠢ ᠲᠦᠯᠦᠭᠦ ᠭᠡᠷᠡᠭᠳᠡᠢ᠄
   

︵ᠨᠢᠭᠡ︶ ᠦᠢᠯᠡᠥᠨᠬᠦᠨ ᠤ ᠪᠦᠷᠢᠯᠳᠦᠬᠦᠯᠪᠡᠯ ᠵᠤᠬᠢᠬᠤ ᠭᠡᠷᠡᠭᠯᠡᠭᠡᠨ ᠤ ᠴᠢᠳᠠᠪᠤᠷᠢ ᠶᠢ ᠪᠦᠷᠢᠯᠳᠦᠬᠦᠯᠦᠭᠰᠡᠨ ᠦᠭᠡᠢ ᠮᠦᠷᠳᠡᠭᠡᠨ ᠤᠷᠢᠳᠠᠪᠠᠷ ᠲᠤᠳᠤᠷᠬᠠᠢᠢᠯᠠᠯᠳᠠ ᠬᠢᠭᠰᠡᠨ ᠦᠭᠡᠢ︔
   

︵ᠬᠤᠶᠠᠷ︶ ᠦᠢᠯᠡᠥᠨᠬᠦᠨ ᠪᠤᠶᠤ ᠪᠤᠭᠤᠳᠠᠯ ᠪᠠᠭᠯᠠᠭ᠎ᠠ ᠲᠡᠭᠡᠷ᠎ᠠ ᠪᠢᠴᠢᠵᠦ ᠪᠠᠶᠢᠭ᠎ᠠ ᠦᠢᠯᠡᠥᠨᠬᠦᠨ ᠤ ᠪᠠᠷᠢᠮᠵᠢᠶ᠎ᠠ ᠳᠤ ᠨᠡᠶᠢᠴᠡᠬᠦ ᠦᠭᠡᠢ︔
   

︵ᠭᠤᠷᠪᠠ︶ ᠦᠢᠯᠡᠥᠨᠬᠦᠨ ᠤ ᠲᠤᠳᠤᠷᠬᠠᠢᠢᠯᠠᠯᠳᠠ᠂ ᠪᠤᠳᠠᠳᠤ ᠶᠠᠭᠤᠮ᠎ᠠ ᠶᠢᠨ ᠦᠯᠢᠭᠡᠷ ᠡᠳ᠋ ᠵᠡᠷᠭᠡ ᠭᠡᠯᠪᠡᠷᠢ ᠪᠠᠷ ᠲᠤᠳᠤᠷᠬᠠᠢᠢᠯᠠᠭᠰᠠᠨ ᠶᠠᠰᠤ ᠴᠢᠨᠠᠷ ᠤᠨ ᠪᠠᠶᠢᠳᠠᠯ ᠲᠠᠢ ᠨᠡᠶᠢᠴᠡᠬᠦ ᠦᠭᠡᠢ᠃
   ᠪᠤᠷᠤᠯᠠᠭᠤᠯᠤᠭᠴᠢ ᠡᠮᠦᠨᠡᠬᠢ ᠪᠠᠳᠠᠭ ᠤᠨ ᠲᠤᠭᠳᠠᠭᠠᠯ ᠶᠤᠰᠤᠭᠠᠷ ᠵᠠᠰᠠᠬᠤ᠂ ᠪᠠᠷᠠᠭ᠎ᠠ ᠪᠤᠴᠠᠭᠠᠬᠤ ᠶᠢ ᠬᠠᠷᠢᠭᠤᠴᠠᠵᠤ ᠬᠤᠬᠢᠷᠠᠯ ᠢ ᠲᠦᠯᠦᠭᠰᠡᠨ ᠤ ᠲᠠᠷᠠᠭ᠎ᠠ᠂ ᠦᠢᠯᠡᠥᠨᠪᠦᠷᠢᠯᠡᠭᠴᠢ ᠶᠢᠨ ᠬᠠᠷᠢᠭᠤᠴᠠᠯᠭ᠎ᠠ ᠪᠤᠶᠤ ᠲᠤᠰ ᠪᠤᠷᠤᠯᠠᠭᠤᠯᠤᠭᠴᠢ ᠳᠤ ᠦᠢᠯᠡᠥᠨᠬᠦᠨ ᠬᠠᠩᠭᠠᠭᠰᠠᠨ ᠪᠤᠰᠤᠤᠨ ᠪᠤᠷᠤᠯᠠᠭᠤᠯᠤᠭᠴᠢ
ᠲᠤᠷᠤᠭᠰᠢ ᠪᠠᠷᠠᠭ᠎ᠠ ᠬᠠᠩᠭᠠᠭᠴᠢ ᠭᠡᠨ᠎ᠡ  ᠶᠢᠨ ᠬᠠᠷᠢᠭᠤᠴᠠᠯᠭ᠎ᠠ ᠪᠠᠶᠢᠪᠠᠯ᠂ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠪᠤᠶᠤ ᠦᠢᠯᠡᠥᠨᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠨ᠎ᠠ᠃
   

ᠦᠢᠯᠡᠥᠨᠪᠦᠷᠢᠯᠡᠭᠴᠢ ᠶᠢᠨ ᠬᠤᠭᠤᠷᠤᠨᠳᠤ ᠪᠠᠨ᠂ ᠪᠤᠷᠤᠯᠠᠭᠤᠯᠤᠭᠴᠢ ᠶᠢᠨ ᠬᠤᠭᠤᠷᠤᠨᠳᠤ᠂ ᠦᠢᠯᠡᠥᠨᠪᠦᠷᠢᠯᠡᠭᠴᠢ ᠪᠠ ᠪᠤᠷᠤᠯᠠᠭᠤᠯᠤᠭᠴᠢ ᠶᠢᠨ ᠬᠤᠭᠤᠷᠤᠨᠳᠤ ᠪᠠᠨ ᠲᠤᠭᠳᠠᠭᠰᠠᠨ ᠮᠠᠶᠢᠮᠠᠶᠢᠯᠠᠬᠤ ᠭᠡᠷ᠎ᠠ᠂ ᠲᠠᠭᠠᠭᠠᠴᠢᠯᠠᠵᠤ ᠠᠪᠤᠭᠰᠠᠨ ᠭᠡᠷ᠎ᠡ ᠳᠤ ᠠᠳᠠᠯᠢ ᠦᠭᠡᠢ ᠪᠤᠯᠤᠯᠴᠠᠭ᠎ᠠ ᠲᠠᠢ ᠪᠠᠶᠢᠪᠠᠯ᠂ ᠭᠡᠷ᠎ᠡ ᠶᠢᠨ ᠲᠤᠬᠠᠢ ᠶᠢᠨ ᠬᠦᠮᠦᠨ ᠨᠢ ᠭᠡᠷ᠎ᠡ ᠳᠤ ᠲᠤᠭᠳᠠᠭᠰᠠᠨ ᠪᠤᠯᠵᠤᠭ᠎ᠠ ᠶᠤᠰᠤᠭᠠᠷ ᠭᠡᠷᠡᠭᠵᠢᠬᠦᠯᠦᠨ᠎ᠡ᠃
   

ᠲᠦᠴᠢᠨ ᠨᠢᠭᠡᠳᠦᠭᠡᠷ ᠵᠦᠢᠯ    ᠦᠢᠯᠡᠥᠨᠬᠦᠨ ᠤ ᠵᠡᠷᠡᠮᠳᠡᠭ ᠠᠴᠠ ᠪᠤᠯᠵᠤ ᠬᠦᠮᠦᠨ ᠤ ᠪᠡᠶ᠎ᠡ ᠶᠢ ᠬᠤᠬᠢᠷᠠᠭᠤᠯᠤᠭᠰᠠᠨ᠂ ᠵᠡᠷᠡᠮᠳᠡᠭ ᠦᠢᠯᠡᠥᠨᠬᠦᠨ ᠠᠴᠠ ᠪᠤᠰᠤᠤᠨ ᠡᠳ᠋ ᠬᠦᠷᠦᠩᠭᠡ ᠲᠤᠷᠤᠭᠰᠢ ᠪᠤᠰᠤᠤᠨ ᠤᠨ ᠡᠳ᠋ ᠬᠦᠷᠦᠩᠭᠡ ᠭᠡᠵᠦ ᠲᠦᠬᠦᠮᠴᠢᠯᠡᠨ᠎ᠡ  ᠶᠢ ᠬᠤᠬᠢᠷᠠᠭᠤᠯᠤᠭᠰᠠᠨ ᠪᠠᠶᠢᠪᠠᠯ᠂ ᠦᠢᠯᠡᠥᠨᠪᠦᠷᠢᠯᠡᠭᠴᠢ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠭᠡᠷᠡᠭᠳᠡᠢ᠃
   

ᠦᠢᠯᠡᠥᠨᠪᠦᠷᠢᠯᠡᠭᠴᠢ ᠲᠤᠤᠷ᠎ᠠ ᠵᠢᠠᠠᠰᠠᠭᠠᠭᠰᠠᠨ ᠪᠠᠶᠢᠳᠠᠯ ᠤᠨ ᠨᠢᠭᠡ ᠪᠤᠯᠬᠤ ᠶᠢ ᠭᠡᠷᠡᠴᠢᠯᠡᠵᠦ ᠲᠡᠶᠢᠯᠪᠡᠯ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠦᠭᠡᠢ᠄
   

︵ᠨᠢᠭᠡ︶ ᠦᠢᠯᠡᠥᠨᠬᠦᠨ ᠢᠶᠠᠨ ᠬᠦᠢᠯᠭᠡᠭᠡᠨ ᠤ ᠬᠦᠷᠢᠶᠡᠨ ᠳᠤ ᠦᠯᠦ ᠤᠷᠤᠭᠤᠯᠤᠭᠰᠠᠨ︔
   

︵ᠬᠤᠶᠠᠷ︶ ᠦᠢᠯᠡᠥᠨᠬᠦᠨ ᠢᠶᠠᠨ ᠬᠦᠢᠯᠭᠡᠭᠡᠨ ᠤ ᠬᠦᠷᠢᠶᠡᠨ ᠳᠤ ᠤᠷᠤᠭᠤᠯᠤᠬᠤ ᠦᠶ᠎ᠡ ᠳᠤ᠂ ᠬᠤᠬᠢᠷᠠᠯ ᠭᠠᠷᠬᠤ ᠳᠤ ᠬᠦᠷᠦᠭᠦᠯᠦᠭᠰᠡᠨ ᠵᠡᠷᠡᠮᠳᠡᠭ ᠬᠠᠷᠠᠬᠠᠨ ᠪᠠᠶᠢᠠᠠᠰᠠᠨ ᠦᠭᠡᠢ︔
   

︵ᠭᠤᠷᠪᠠ︶ ᠦᠢᠯᠡᠥᠨᠬᠦᠨ ᠢᠶᠠᠨ ᠬᠦᠢᠯᠭᠡᠭᠡᠨ ᠤ ᠬᠦᠷᠢᠶᠡᠨ ᠳᠤ ᠤᠷᠤᠭᠤᠯᠬᠤ ᠦᠶ᠎ᠡ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠢᠷᠢ ᠭᠡᠮᠵᠢᠶ᠎ᠡ ᠨᠢ ᠵᠡᠷᠡᠮᠳᠡᠭ ᠢ ᠬᠠᠷᠠᠬᠠᠨ ᠢᠯᠡᠷᠡᠬᠦᠯᠵᠦ ᠲᠡᠶᠢᠯᠬᠦ ᠦᠭᠡᠢ ᠪᠠᠶᠢᠠᠠᠰᠠᠨ᠃

ᠲᠦᠴᠢᠨ ᠬᠤᠶᠠᠳᠤᠭᠠᠷ ᠵᠦᠢᠯ    ᠪᠤᠷᠤᠯᠠᠭᠤᠯᠤᠭᠴᠢ ᠶᠢᠨ ᠠᠳᠡᠯ ᠠᠴᠠ ᠪᠤᠯᠵᠤ ᠦᠢᠯᠡᠥᠨᠬᠦᠨ ᠨᠢ ᠵᠡᠷᠡᠮᠳᠡᠭ ᠪᠠᠶᠢᠠᠠᠰᠠᠨ ᠠᠴᠠ ᠬᠦᠮᠦᠨ ᠤ ᠪᠡᠶ᠎ᠡ᠂ ᠪᠤᠰᠤᠤᠨ ᠤᠨ ᠡᠳ᠋ ᠬᠦᠷᠦᠩᠭᠡ ᠶᠢ ᠬᠤᠬᠢᠷᠠᠭᠤᠯᠤᠭᠰᠠᠨ ᠪᠠᠶᠢᠪᠠᠯ᠂ ᠪᠤᠷᠤᠯᠠᠭᠤᠯᠤᠭᠴᠢ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠭᠡᠷᠡᠭᠳᠡᠢ᠃
   

ᠪᠤᠷᠤᠯᠠᠭᠤᠯᠤᠭᠴᠢ ᠨᠢ ᠵᠡᠷᠡᠮᠳᠡᠭ ᠦᠢᠯᠡᠥᠨᠬᠦᠨ ᠤ ᠦᠢᠯᠡᠥᠨᠪᠦᠷᠢᠯᠡᠭᠴᠢ ᠶᠢ ᠵᠢᠭᠠᠨ ᠭᠠᠷᠭᠠᠵᠤ ᠲᠡᠶᠢᠯᠬᠦ ᠦᠭᠡᠢ ᠪᠦᠭᠡᠥᠨ ᠵᠡᠷᠡᠮᠳᠡᠭ ᠦᠢᠯᠡᠥᠨᠬᠦᠨ ᠤ ᠪᠠᠷᠠᠭ᠎ᠠ ᠬᠠᠩᠭᠠᠭᠴᠢ ᠶᠢ ᠵᠢᠭᠠᠨ ᠭᠠᠷᠭᠠᠵᠤ ᠲᠡᠶᠢᠯᠬᠦ ᠦᠭᠡᠢ ᠪᠠᠶᠢᠪᠠᠯ᠂ ᠪᠤᠷᠤᠯᠠᠭᠤᠯᠤᠭᠴᠢ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠭᠡᠷᠡᠭᠳᠡᠢ᠃

ᠲᠦᠴᠢᠨ ᠭᠤᠷᠪᠠᠳᠤᠭᠠᠷ ᠵᠦᠢᠯ    ᠦᠢᠯᠡᠥᠨᠬᠦᠨ ᠤ ᠵᠡᠷᠡᠮᠳᠡᠭ ᠠᠴᠠ ᠪᠤᠯᠵᠤ ᠬᠦᠮᠦᠨ ᠤ ᠪᠡᠶ᠎ᠡ ᠳᠤ ᠬᠤᠬᠢᠷᠠᠯ ᠤᠴᠠᠷᠠᠭᠤᠯᠤᠭᠰᠠᠨ᠂ ᠪᠤᠰᠤᠤᠨ ᠤᠨ ᠡᠳ᠋ ᠬᠦᠷᠦᠩᠭᠡ ᠶᠢ ᠬᠤᠬᠢᠷᠠᠭᠤᠯᠤᠭᠰᠠᠨ ᠪᠠᠶᠢᠪᠠᠯ᠂ ᠬᠤᠬᠢᠷᠠᠯ ᠠᠮᠰᠠᠭᠰᠠᠨ ᠬᠦᠮᠦᠨ ᠦᠢᠯᠡᠥᠨᠬᠦᠨ ᠤ ᠦᠢᠯᠡᠥᠨᠪᠦᠷᠢᠯᠡᠭᠴᠢ ᠪᠠᠷ ᠲᠦᠯᠦᠬᠦᠯᠬᠦ ᠪᠠᠷ ᠱᠠᠭᠠᠷᠳᠠᠵᠤ ᠪᠤᠯᠬᠤ ᠪᠦᠭᠡᠥᠨ ᠦᠢᠯᠡᠥᠨᠬᠦᠨ ᠤ ᠪᠤᠷᠤᠯᠠᠭᠤᠯᠤᠭᠴᠢ ᠪᠠᠷ ᠲᠦᠯᠦᠬᠦᠯᠬᠦ ᠪᠠᠷ ᠱᠠᠭᠠᠷᠳᠠᠵᠤ ᠪᠠᠰᠠ ᠪᠤᠯᠤᠨ᠎ᠠ᠃ ᠦᠢᠯᠡᠥᠨᠬᠦᠨ ᠤ ᠦᠢᠯᠡᠥᠨᠪᠦᠷᠢᠯᠡᠭᠴᠢ ᠶᠢᠨ ᠬᠠᠷᠢᠭᠤᠴᠠᠯᠭ᠎ᠠ ᠳᠤ ᠲᠤᠭᠠᠴᠠᠭᠳᠠᠬᠤ ᠶᠢ ᠦᠢᠯᠡᠥᠨᠬᠦᠨ ᠤ ᠪᠤᠷᠤᠯᠠᠭᠤᠯᠤᠭᠴᠢ ᠪᠠᠷ ᠲᠦᠯᠦᠬᠦᠯᠬᠦ ᠪᠠᠷ ᠱᠠᠭᠠᠷᠳᠠᠵᠤ ᠪᠠᠰᠠ ᠪᠤᠯᠤᠨ᠎ᠠ᠃ ᠦᠢᠯᠡᠥᠨᠬᠦᠨ ᠤ ᠦᠢᠯᠡᠥᠨᠪᠦᠷᠢᠯᠡᠭᠴᠢ ᠶᠢᠨ ᠬᠠᠷᠢᠭᠤᠴᠠᠯᠭ᠎ᠠ ᠳᠤ ᠲᠤᠭᠠᠴᠠᠭᠳᠠᠬᠤ ᠶᠢ ᠦᠢᠯᠡᠥᠬᠦᠨ ᠤ ᠪᠤᠷᠤᠯᠠᠭᠤᠯᠤᠭᠴᠢ ᠲᠦᠯᠦᠭᠰᠡᠨ ᠪᠠᠶᠢᠪᠠᠯ᠂ ᠦᠢᠯᠡᠥᠨᠬᠦᠨ ᠤ ᠪᠤᠷᠤᠯᠠᠭᠤᠯᠤᠭᠴᠢ  ᠨᠢ ᠦᠢᠯᠡᠥᠨᠬᠦᠨ ᠤ ᠦᠢᠯᠡᠥᠨᠪᠦᠷᠢᠯᠡᠭᠴᠢ ᠠᠴᠠ ᠲᠦᠯᠦᠪᠦᠷᠢᠯᠡᠬᠦ ᠪᠠᠷ ᠨᠡᠭᠡᠮᠵᠢᠯᠡᠬᠦ ᠡᠷᠭᠡ ᠲᠠᠢ᠃ ᠦᠢᠯᠡᠥᠨᠬᠦᠨ ᠤ ᠪᠤᠷᠤᠯᠠᠭᠤᠯᠤᠭᠴᠢ ᠨᠢ ᠦᠢᠯᠡᠥᠨᠬᠦᠨ ᠤ ᠦᠢᠯᠡᠥᠨᠪᠦᠷᠢᠯᠡᠭᠴᠢ ᠠᠴᠠ ᠲᠦᠯᠦᠪᠦᠷᠢ ᠨᠡᠭᠡᠮᠵᠢᠯᠡᠬᠦ ᠡᠷᠭᠡ ᠲᠠᠢ᠃ ᠦᠢᠯᠡᠥᠨᠬᠦᠨ ᠤ ᠪᠤᠷᠤᠯᠠᠭᠤᠯᠤᠭᠴᠢ ᠶᠢᠨ ᠬᠠᠷᠢᠭᠤᠴᠠᠯᠭ᠎ᠠ ᠳᠤ ᠲᠤᠭᠠᠴᠠᠭᠳᠠᠬᠤ ᠶᠢ ᠦᠢᠯᠡᠥᠨᠬᠦᠨ ᠤ ᠦᠢᠯᠡᠥᠪᠦᠷᠢᠯᠡᠭᠴᠢ ᠲᠦᠯᠦᠭᠰᠡᠨ ᠪᠠᠶᠢᠪᠠᠯ᠂ ᠦᠢᠯᠡᠥᠨᠬᠦᠨ ᠤ ᠦᠢᠯᠡᠥᠨᠪᠦᠷᠢᠯᠡᠭᠴᠢ ᠨᠢ ᠦᠢᠯᠡᠥᠨᠬᠦᠨ ᠤ ᠪᠤᠷᠤᠯᠠᠭᠤᠯᠤᠭᠴᠢ ᠠᠴᠠ ᠲᠦᠯᠦᠪᠦᠷᠢ ᠨᠡᠭᠡᠮᠵᠢᠯᠡᠬᠦ ᠡᠷᠭᠡ ᠲᠠᠢ᠃
   

ᠲᠦᠴᠢᠨ ᠲᠦᠷᠪᠡᠳᠦᠭᠡᠷ ᠵᠦᠢᠯ    ᠦᠢᠯᠡᠥᠨᠬᠦᠨ ᠤ ᠵᠡᠷᠡᠮᠳᠡᠭ ᠠᠴᠠ ᠪᠤᠯᠵᠤ ᠬᠤᠬᠢᠷᠠᠯ ᠠᠮᠰᠠᠭᠰᠠᠨ ᠬᠦᠮᠦᠨ ᠤ ᠪᠡᠶ᠎ᠡ ᠰᠢᠷᠬᠠᠳᠤᠵᠤ ᠭᠡᠮᠳᠦᠭᠰᠡᠨ ᠪᠠᠶᠢᠪᠠᠯ᠂ ᠬᠤᠬᠢᠷᠠᠯ ᠠᠮᠰᠠᠭᠤᠯᠤᠭᠰᠠᠨ ᠬᠦᠮᠦᠨ ᠨᠢ ᠡᠮ ᠡᠮᠨᠡᠯᠭᠡ ᠶᠢᠨ ᠵᠠᠷᠤᠳᠠᠯ᠂ ᠡᠮᠨᠡᠬᠦᠯᠬᠦ ᠬᠤᠭᠤᠴᠠᠭᠠᠨ ᠳᠠᠬᠢ ᠰᠤᠪᠢᠯᠠᠬᠤ ᠵᠠᠷᠤᠳᠠᠯ᠂ ᠠᠵᠢᠯ ᠰᠠᠭᠠᠳᠠᠭᠰᠠᠨ ᠤ ᠬᠠᠷᠠᠭ᠎ᠠ ᠪᠠᠷ ᠬᠠᠰᠤᠭᠳᠠᠭᠰᠠᠨ ᠤᠷᠤᠯᠭ᠎ᠠ ᠵᠡᠷᠭᠡ ᠵᠠᠷᠤᠳᠠᠯ ᠢ ᠲᠦᠯᠦᠵᠦ ᠦᠭᠬᠦ ᠭᠡᠷᠡᠭᠳᠡᠢ︔ ᠵᠡᠮᠳᠡᠭ ᠪᠤᠯᠭᠠᠭᠰᠠᠨ ᠪᠠᠶᠢᠪᠠᠯ ᠵᠡᠮᠳᠡᠭ ᠪᠤᠯᠤᠭᠰᠠᠨ ᠬᠦᠮᠦᠨ ᠤ ᠠᠮᠢᠳᠤᠷᠠᠯ ᠤᠨ ᠲᠤᠰᠠᠯᠠᠬᠤ ᠪᠠᠭᠠᠵᠢ ᠶᠢᠨ ᠵᠠᠷᠤᠳᠠᠯ᠂ ᠠᠮᠢᠳᠤᠷᠠᠯ ᠤᠨ ᠨᠦᠬᠦᠪᠦᠷᠢ ᠮᠦᠡᠭᠭᠦ᠂ ᠵᠡᠮᠳᠡᠭ ᠪᠤᠯᠤᠭᠰᠠᠨ ᠲᠦᠯᠦᠪᠦᠷᠢ ᠮᠦᠡᠭᠭᠦ ᠵᠢᠴᠢ ᠲᠡᠬᠦᠨ ᠤ ᠠᠰᠠᠷᠠᠨ ᠲᠡᠵᠢᠭᠡᠵᠦ ᠪᠠᠶᠢᠭ᠎ᠠ ᠬᠦᠮᠦᠨ ᠤ ᠵᠠᠶᠢᠯᠠᠰᠢ ᠦᠭᠡᠢ ᠱᠠᠭᠠᠷᠳᠠᠭᠳᠠᠬᠤ ᠠᠮᠢᠳᠤᠷᠠᠯ ᠤᠨ ᠵᠠᠷᠤᠳᠠᠯ ᠵᠡᠷᠭᠡ ᠵᠠᠷᠤᠳᠠᠯ ᠢ ᠪᠠᠰᠠ ᠲᠦᠯᠦᠭᠦ ᠭᠡᠷᠡᠭᠳᠡᠢ︔

ᠬᠤᠬᠢᠷᠠᠯ ᠠᠮᠰᠠᠭᠰᠠᠨ ᠬᠦᠮᠦᠨ ᠨᠢ ᠦᠭᠦᠭᠰᠡᠨ ᠪᠠᠶᠢᠪᠠᠯ ᠪᠠᠰᠠ ᠲᠡᠬᠦᠨ ᠤ ᠤᠷᠤᠰᠢᠭᠤᠯᠬᠤ ᠵᠠᠷᠤᠳᠠᠯ᠂ ᠦᠭᠦᠭᠰᠡᠨ ᠤ ᠲᠦᠯᠦᠪᠦᠷᠢ ᠮᠦᠡᠭᠭᠦ ᠵᠢᠴᠢ ᠲᠡᠬᠦᠨ ᠤ ᠠᠮᠢᠳᠤ ᠪᠠᠶᠢᠬᠤ ᠳᠠᠭᠠᠨ ᠠᠰᠠᠷᠠᠨ ᠲᠡᠵᠢᠭᠡᠵᠦ ᠪᠠᠶᠢᠠᠠᠰᠠᠨ ᠬᠦᠮᠦᠨ ᠤ ᠵᠠᠶᠢᠯᠠᠰᠢ ᠦᠭᠡᠢ ᠱᠠᠭᠠᠷᠳᠠᠭᠳᠠᠬᠤ ᠠᠮᠢᠳᠤᠷᠠᠯ ᠤᠨ ᠵᠠᠷᠤᠳᠠᠯ ᠵᠡᠷᠭᠡ ᠵᠠᠷᠤᠳᠠᠯ ᠢ ᠲᠦᠯᠦᠭᠦ ᠭᠡᠷᠡᠭᠳᠡᠢ᠃
   

ᠦᠢᠯᠡᠥᠨᠬᠦᠨ ᠤ ᠵᠡᠷᠡᠮᠳᠡᠭ ᠠᠴᠠ ᠪᠤᠯᠵᠤ ᠬᠤᠬᠢᠷᠠᠯ ᠠᠮᠰᠠᠭᠰᠠᠨ ᠬᠦᠮᠦᠨ ᠤ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠤᠬᠢᠷᠠᠯ ᠠᠮᠰᠠᠭᠤᠯᠤᠭᠰᠠᠨ ᠬᠦᠮᠦᠨ ᠨᠢ ᠤᠤᠯ ᠤᠨ ᠭᠡᠪ ᠲᠤᠨᠢ ᠤᠷᠤᠭᠤᠯᠵᠤ ᠦᠭᠬᠦ ᠪᠤᠶᠤ ᠨᠤᠭᠤᠯᠤᠨ ᠪᠤᠳᠤᠭᠰᠠᠨ ᠦᠨ᠎ᠡ ᠪᠠᠷ ᠲᠦᠯᠦᠬᠦ ᠭᠡᠷᠡᠭᠳᠡᠢ᠃ ᠬᠤᠬᠢᠷᠠᠯ ᠠᠮᠰᠠᠭᠰᠠᠨ ᠬᠦᠮᠦᠨ ᠡᠭᠦᠨ ᠠᠴᠠ ᠪᠤᠯᠵᠤ ᠪᠤᠰᠤᠤᠨ ᠬᠦᠨᠳᠦ ᠨᠤᠴᠢᠳᠠᠢ ᠬᠤᠬᠢᠷᠠᠯ ᠳᠤ ᠤᠴᠠᠷᠠᠭᠰᠠᠨ ᠪᠠᠶᠢᠪᠠᠯ᠂ ᠬᠤᠬᠢᠷᠠᠯ ᠠᠮᠰᠠᠭᠤᠯᠤᠭᠰᠠᠨ ᠬᠦᠮᠦᠨ ᠬᠤᠬᠢᠷᠠᠯ ᠢ ᠨᠢ ᠲᠦᠯᠦᠵᠦ ᠦᠭᠬᠦ ᠭᠡᠷᠡᠭᠳᠡᠢ᠃
   

ᠲᠦᠴᠢᠨ ᠲᠠᠪᠤᠳᠤᠭᠠᠷ ᠵᠦᠢᠯ    ᠦᠢᠯᠡᠥᠨᠬᠦᠨ ᠤ ᠵᠡᠷᠡᠮᠳᠡᠭ ᠠᠴᠠ ᠪᠤᠯᠵᠤ ᠬᠤᠬᠢᠷᠠᠯ ᠤᠴᠠᠷᠠᠭᠰᠠᠨ ᠢᠶᠠᠨ ᠲᠦᠯᠦᠬᠦᠯᠬᠦ ᠪᠠᠷ ᠱᠠᠭᠠᠷᠳᠠᠬᠤ ᠵᠠᠭᠠᠯᠳᠤᠯᠭ᠎ᠠ ᠶᠢᠨ ᠬᠦᠴᠦᠨ ᠲᠠᠢ ᠬᠤᠭᠤᠴᠠᠭ᠎ᠠ ᠨᠢ ᠬᠤᠶᠠᠷ ᠵᠢᠯ ᠪᠤᠯᠤᠨ᠎ᠠ᠂ ᠡᠭᠦᠨ ᠢ ᠲᠤᠬᠠᠢ ᠶᠢᠨ ᠬᠦᠮᠦᠨ ᠤ ᠡᠷᠭᠡ ᠠᠰᠢᠭ ᠬᠤᠬᠢᠷᠠᠭᠰᠠᠨ ᠢᠶᠠᠨ ᠮᠡᠳᠡᠭᠰᠡᠨ ᠪᠤᠶᠤ ᠮᠡᠳᠡᠪᠡᠯ ᠵᠤᠬᠢᠬᠤ ᠴᠠᠭ ᠠᠴᠠ ᠡᠭᠢᠯᠡᠵᠦ ᠪᠤᠳᠤᠨ᠎ᠠ᠃
   

ᠦᠢᠯᠡᠥᠨᠬᠦᠨ ᠤ ᠵᠡᠷᠡᠮᠳᠡᠭ ᠠᠴᠠ ᠪᠤᠯᠵᠤ ᠬᠤᠬᠢᠷᠠᠯ ᠤᠴᠠᠷᠠᠭᠰᠠᠨ ᠢᠶᠠᠨ ᠲᠦᠯᠦᠬᠦᠯᠬᠦ ᠪᠠᠷ ᠱᠠᠭᠠᠷᠳᠠᠬᠤ ᠡᠷᠭᠡ ᠨᠢ ᠬᠤᠬᠢᠷᠠᠯ ᠤᠴᠠᠷᠠᠭᠤᠯᠤᠭᠰᠠᠨ ᠵᠡᠷᠡᠮᠳᠡᠭ ᠦᠢᠯᠡᠥᠨᠬᠦᠨ ᠢ ᠠᠩᠬᠠᠨ ᠤ ᠭᠡᠷᠡᠭᠯᠡᠭᠴᠢ ᠳᠤ ᠦᠭᠴᠦ ᠭᠡᠷᠡᠭᠯᠡᠬᠦᠯᠦᠭᠰᠡᠨ ᠡᠳᠦᠷ ᠠᠴᠠ ᠪᠤᠳᠤᠭᠠᠥᠨ ᠪᠦᠬᠦᠯᠢ ᠠᠷᠪᠠᠨ ᠵᠢᠯ ᠤᠨ ᠲᠤᠳᠤᠷ᠎ᠠ ᠬᠦᠴᠦᠨ ᠲᠠᠢ︔ ᠭᠡᠬᠦ ᠳᠡᠭᠡᠨ ᠢᠯᠨ ᠬᠠᠳᠠᠭᠰᠠᠨ ᠠᠶᠤᠯ ᠦᠭᠡᠢ ᠭᠡᠷᠡᠭᠯᠡᠭᠡᠨ ᠤ ᠬᠤᠭᠤᠴᠠᠭ᠎ᠠ ᠠᠴᠠ ᠦᠯᠦ ᠭᠡᠳᠦᠷᠡᠭᠰᠡᠨ ᠨᠢ ᠡᠭᠦᠨ ᠳᠤ ᠪᠠᠭᠳᠠᠬᠤ ᠦᠭᠡᠢ᠃
   ᠲᠦᠴᠢᠨ ᠵᠢᠷᠭᠤᠳᠤᠭᠠᠷ ᠵᠦᠢᠯ   ᠲᠤᠰ ᠬᠠᠥᠯᠢ ᠳᠠᠬᠢ ᠵᠡᠷᠡᠮᠳᠡᠭ ᠭᠡᠳᠡᠭ ᠨᠢ ᠦᠢᠯᠡᠥᠨᠬᠦᠨ ᠳᠤ ᠤᠷᠤᠰᠢᠵᠤ ᠪᠠᠶᠢᠭ᠎ᠠ ᠬᠦᠮᠦᠨ ᠤ ᠪᠡᠶ᠎ᠡ᠂ ᠪᠤᠰᠤᠤᠨ ᠤᠨ ᠡᠳ᠋ ᠬᠦᠷᠦᠩᠭᠡ ᠶᠢᠨ ᠠᠮᠤᠷ ᠲᠦᠪᠰᠢᠨ ᠳᠤ ᠠᠶᠤᠯ ᠤᠴᠠᠷᠠᠭᠤᠯᠵᠤ ᠮᠡᠳᠡᠬᠦ ᠵᠤᠬᠢᠰ ᠦᠭᠡᠢ ᠠᠶᠤᠯ ᠲᠦᠭᠰᠢᠬᠦᠷᠢ ᠶᠢ ᠭᠡᠯᠡᠵᠦ ᠪᠠᠶᠢᠨ᠎ᠠ︔ ᠦᠢᠯᠡᠥᠨᠬᠦᠨ ᠳᠤ ᠬᠦᠮᠦᠨ ᠤ ᠪᠡᠶ᠎ᠡ ᠶᠢᠨ ᠡᠷᠡᠬᠦᠯ ᠮᠡᠨᠳᠦ ᠪᠠ ᠬᠦᠮᠦᠨ ᠤ ᠪᠡᠶ᠎ᠡ᠂ ᠡᠳ᠋ ᠬᠦᠷᠦᠩᠭᠡ  ᠶᠢᠨ ᠠᠮᠤᠷ ᠲᠦᠪᠰᠢᠨ ᠢ ᠪᠠᠳᠤᠯᠠᠬᠤ ᠲᠤᠬᠠᠢ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠲᠠᠢ ᠪᠤᠯ ᠤᠤᠯ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠬᠤ ᠶᠢ ᠭᠡᠯᠡᠵᠦ ᠪᠠᠶᠢᠨ᠎ᠠ᠃
   

ᠲᠦᠴᠢᠨ ᠲᠤᠯᠤᠳᠤᠭᠠᠷ ᠵᠦᠢᠯ    ᠦᠢᠯᠡᠥᠨᠬᠦᠨ ᠤ ᠶᠠᠰᠤ ᠴᠢᠨᠠᠷ ᠠᠴᠠ ᠪᠤᠯᠵᠤ ᠢᠷᠭᠡᠨ ᠤ ᠭᠡᠷᠡᠭ ᠤᠨ ᠵᠢᠭᠤᠷᠠᠯᠳᠤᠭᠠᠨ ᠪᠠᠶᠢᠪᠠᠯ᠂ ᠲᠤᠬᠠᠢ ᠶᠢᠨ ᠬᠦᠮᠦᠨ ᠨᠢ ᠵᠦᠪᠳᠡᠯᠴᠡᠬᠦ ᠪᠤᠶᠤ ᠡᠶᠡᠳᠡᠬᠦᠯᠬᠦ ᠪᠠᠷ ᠲᠠᠮᠵᠢᠭᠤᠯᠤᠨ ᠰᠢᠢᠥᠨᠪᠦᠷᠢᠯᠡᠵᠦ ᠪᠤᠯᠤᠨ᠎ᠠ᠃ ᠲᠤᠬᠠᠢ ᠶᠢᠨ ᠬᠦᠮᠦᠨ ᠨᠢ ᠵᠦᠪᠳᠡᠯᠴᠡᠬᠦ ᠪᠠ ᠡᠶᠡᠳᠡᠬᠦᠯᠬᠦ ᠪᠠᠷ ᠲᠠᠮᠵᠢᠭᠤᠯᠤᠨ ᠰᠢᠢᠥᠨᠪᠦᠷᠢᠯᠡᠬᠦ ᠲᠤᠷ᠎ᠠ ᠦᠭᠡᠢ ᠪᠤᠶᠤ ᠵᠦᠪᠳᠡᠯᠴᠡᠬᠦ᠂ ᠡᠶᠡᠳᠡᠬᠦᠯᠬᠦ ᠪᠠᠷ ᠲᠠᠮᠵᠢᠭᠤᠯᠤᠭᠠᠥᠨ ᠰᠢᠢᠥᠨᠪᠦᠷᠢᠯᠡᠵᠦ ᠲᠡᠶᠢᠯᠦᠭᠰᠡᠨ ᠦᠭᠡᠢ ᠪᠠᠶᠢᠪᠠᠯ᠂ ᠲᠤᠬᠠᠢ ᠶᠢᠨ ᠬᠦᠮᠦᠨ ᠤ ᠡᠯ᠎ᠡ ᠡᠳᠡᠭᠡᠥᠨ ᠤᠨ ᠭᠡᠯᠡᠯᠴᠡᠭᠡᠷ ᠢ ᠦᠨᠳᠦᠰᠦᠯᠡᠵᠦ᠂ ᠬᠦᠨᠳᠡᠯᠡᠨ ᠠᠴᠠ ᠲᠠᠰᠤᠯᠬᠤ ᠪᠠᠶᠢᠭᠤᠯᠤᠮᠵᠢ ᠳᠤ ᠬᠦᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠵᠤ ᠪᠤᠯᠤᠨ᠎ᠠ︔ ᠲᠤᠬᠠᠢ ᠶᠢᠨ ᠬᠦᠮᠦᠨ ᠤ ᠡᠯ᠎ᠠ ᠡᠳᠡᠭᠡᠥᠨ ᠤᠨ ᠬᠦᠨᠳᠡᠯᠡᠨ ᠠᠴᠠ ᠲᠠᠰᠤᠯᠤᠭᠤᠯᠬᠤ ᠭᠡᠯᠡᠯᠴᠡᠭᠡᠷ ᠨᠢ ᠪᠦᠳᠦᠭᠰᠡᠨ ᠦᠭᠡᠢ ᠪᠤᠶᠤ ᠬᠦᠨᠳᠡᠯᠡᠨ ᠠᠴᠠ ᠲᠠᠰᠤᠯᠤᠭᠤᠯᠬᠤ ᠭᠡᠯᠡᠯᠴᠡᠭᠡᠷ ᠨᠢ ᠬᠦᠴᠦᠨ ᠦᠭᠡᠢ ᠪᠠᠶᠢᠪᠠᠯ᠂ ᠠᠷᠠᠥᠨ ᠤᠨ ᠰᠢᠬᠦᠬᠦ ᠬᠤᠷᠢᠶᠠᠨ ᠳᠤ ᠰᠢᠭᠤᠤᠨ ᠵᠠᠭᠠᠯᠳᠤᠵᠤ ᠪᠤᠯᠤᠨ᠎ᠠ᠃
   

ᠲᠦᠴᠢᠨ ᠨᠠᠢᠮᠠᠳᠤᠭᠠᠷ ᠵᠦᠢᠯ    ᠬᠦᠨᠳᠡᠯᠡᠨ ᠠᠴᠠ ᠲᠠᠰᠤᠯᠬᠤ ᠪᠠᠶᠢᠭᠤᠯᠤᠮᠵᠢ ᠪᠤᠶᠤ ᠠᠷᠠᠥᠨ ᠤᠨ ᠰᠢᠬᠦᠬᠦ ᠬᠤᠷᠢᠶᠶ᠎ᠡ ᠲᠤᠰ ᠬᠠᠥᠯᠢ ᠶᠢᠨ ᠠᠷᠪᠠ ᠶᠢᠰᠦᠳᠦᠭᠡᠷ ᠵᠦᠢᠯ ᠳᠤ ᠲᠤᠭᠳᠠᠭᠠᠭᠰᠠᠨ ᠦᠢᠯᠡᠥᠨᠬᠦᠨ ᠤ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠨᠡᠶᠢᠳᠡᠵᠦ᠂ ᠬᠤᠯᠪᠤᠭᠳᠠᠯ ᠪᠦᠬᠦᠢ ᠦᠢᠯᠡᠥᠨᠬᠦᠨ ᠳᠤ ᠶᠠᠰᠤ ᠴᠢᠨᠠᠷ ᠤᠨ ᠪᠠᠶᠢᠴᠠᠭᠠᠨ ᠰᠢᠯᠭᠠᠯᠳᠠ ᠬᠢᠵᠦ ᠪᠤᠯᠤᠨ᠎ᠡ᠃

      

ᠲᠠᠪᠤᠳᠤᠭᠠᠷ ᠪᠦᠯᠦᠭ      ᠰᠢᠥᠨᠬᠡᠬᠦ ᠲᠦᠷᠢᠮ       

ᠲᠦᠴᠢ ᠶᠢᠰᠦᠳᠦᠭᠡᠷ ᠵᠦᠢᠯ    ᠬᠦᠮᠦᠨ ᠤ ᠪᠡᠶ᠎ᠡ ᠶᠢᠨ ᠡᠷᠡᠬᠦᠯ ᠮᠡᠨᠳᠦ ᠪᠠ ᠬᠦᠮᠦᠨ ᠤ ᠪᠡᠶ᠎ᠡ᠂ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠬᠤ ᠲᠤᠬᠠᠢ ᠤᠯᠤᠰ ᠤᠨ ᠪᠠᠷᠢᠮᠵᠢᠶ᠎ᠡ᠂ ᠠᠵᠢᠯ ᠲᠦᠷᠦᠯ ᠤᠨ ᠪᠠᠷᠢᠮᠵᠢᠶ᠎ᠠ ᠳᠤ ᠨᠡᠶᠢᠴᠡᠬᠦ ᠦᠭᠡᠢ ᠦᠢᠯᠡᠥᠨᠬᠦᠨ ᠢ ᠦᠢᠯᠡᠥᠨᠪᠦᠷᠢᠯᠡᠵᠦ᠂ ᠪᠤᠷᠤᠯᠠᠭᠤᠯᠤᠭᠰᠠᠨ ᠪᠠᠶᠢᠪᠠᠯ᠂ ᠦᠢᠯᠡᠥᠨᠪᠦᠷᠢᠯᠡᠬᠦ ᠪᠠ ᠪᠤᠷᠤᠯᠠᠭᠤᠯᠬᠤ ᠶᠢ ᠨᠢ ᠵᠠᠷᠯᠢᠭᠳᠠᠨ ᠵᠤᠭᠰᠤᠭᠠᠵᠤ᠂ ᠬᠠᠥᠯᠢ  ᠶᠢ ᠵᠦᠷᠢᠴᠡᠵᠦ ᠦᠢᠯᠡᠥᠨᠪᠦᠷᠢᠯᠡᠵᠦ᠂ ᠪᠤᠷᠤᠯᠠᠭᠤᠯᠤᠭᠰᠠᠨ ᠦᠢᠯᠡᠥᠨᠬᠦᠨ ᠢ ᠨᠢ ᠬᠤᠷᠢᠶᠠᠨ ᠠᠪᠬᠤ ᠶᠢᠨ ᠬᠠᠮᠳᠤ ᠬᠠᠥᠯᠢ ᠶᠢ ᠵᠦᠷᠢᠴᠡᠵᠦ ᠦᠢᠯᠡᠥᠨᠪᠦᠷᠢᠯᠡᠵᠦ᠂ ᠪᠤᠷᠤᠯᠠᠭᠤᠯᠤᠭᠰᠠᠨ ᠦᠢᠯᠡᠥᠨᠬᠦᠨ ᠢ ᠨᠢ ᠬᠤᠷᠢᠶᠠᠨ ᠠᠪᠬᠤ ᠶᠢᠨ ᠬᠠᠮᠳᠤ ᠬᠠᠥᠯᠢ ᠶᠢ ᠵᠦᠷᠢᠴᠡᠵᠦ ᠦᠢᠯᠡᠥᠨᠪᠦᠷᠢᠯᠡᠵᠦ᠂ ᠪᠤᠷᠤᠯᠠᠭᠤᠯᠤᠭᠰᠠᠨ ᠦᠢᠯᠡᠥᠨᠬᠦᠨ
ᠬᠤᠳᠠᠯᠳᠤᠭᠰᠠᠨ ᠪᠠ ᠬᠤᠳᠠᠯᠳᠤᠭᠠᠳᠤᠢ ᠦᠢᠯᠡᠥᠨᠬᠦᠨ ᠪᠠᠭᠳᠠᠨ᠎ᠠ᠂ ᠲᠤᠷᠤᠭᠰᠢ ᠠᠳᠠᠯᠢ   ᠤ ᠬᠢᠨᠢ ᠪᠠᠷᠠᠭᠠᠨ ᠤ ᠦᠨ᠎ᠡ ᠦᠷᠳᠡᠭ ᠠᠴᠠ ᠲᠡᠭᠡᠭᠰᠢ ᠭᠤᠷᠪᠠᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠲᠠᠪᠬᠤᠷ ᠰᠢᠥᠨᠭᠡᠨ᠎ᠠ︔ ᠬᠠᠥᠯᠢ ᠶᠢ ᠵᠦᠷᠢᠴᠡᠵᠦ ᠤᠯᠵᠠ ᠠᠰᠢᠭ ᠤᠯᠤᠭᠰᠠᠨ ᠪᠠᠶᠢᠪᠠᠯ᠂ ᠬᠠᠥᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠬᠤ ᠪᠠᠷ ᠲᠠᠪᠬᠤᠷ ᠰᠢᠥᠨᠭᠡᠨ᠎ᠡ︔ ᠦᠢᠯᠨ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠡᠵᠡᠩᠨᠡᠯᠳᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠥᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃
   

ᠲᠠᠪᠢᠳᠤᠭᠠᠷ ᠵᠦᠢᠯ    ᠦᠢᠯᠡᠥᠨᠬᠦᠨ ᠳᠡᠭᠡᠨ ᠬᠤᠯᠢᠮᠠᠭ ᠬᠠᠭᠤᠷᠮᠠᠭ ᠶᠠᠭᠤᠮ᠎ᠠ ᠬᠤᠯᠢᠵᠤ᠂ ᠬᠠᠭᠤᠷᠮᠠᠭ ᠶᠠᠭᠤᠮ᠎ᠠ ᠪᠠᠷ ᠵᠢᠩᠭᠢᠨᠢ  ᠶᠢ ᠤᠷᠤᠯᠠᠭᠤᠯᠵᠤ᠂ ᠮᠠᠭᠤ ᠶᠠᠭᠤᠮ᠎ᠡ ᠪᠠᠷ ᠰᠠᠶᠢᠨ ᠢ ᠤᠷᠤᠯᠠᠭᠤᠯᠬᠤ ᠪᠤᠶᠤ ᠬᠢᠷᠢ ᠲᠡᠩᠴᠡᠬᠦ ᠦᠭᠡᠢ ᠦᠢᠯᠡᠥᠨᠬᠦᠨ ᠢᠶᠠᠷ ᠬᠢᠷᠢ ᠲᠡᠩᠴᠡᠭᠰᠡᠨ ᠦᠢᠯᠡᠥᠨᠬᠦᠨ ᠢ ᠤᠷᠤᠯᠠᠭᠤᠯᠤᠭᠰᠠᠨ ᠪᠠᠶᠢᠪᠠᠯ᠂ ᠦᠢᠯᠡᠥᠨᠪᠦᠷᠢᠯᠡᠬᠦ ᠪᠠ ᠪᠤᠷᠤᠯᠠᠭᠤᠯᠬᠤ ᠶᠢ ᠨᠢ ᠵᠠᠷᠯᠢᠭᠳᠠᠨ ᠵᠤᠭᠰᠤᠭᠠᠵᠤ᠂ ᠬᠠᠥᠯᠢ ᠶᠢ ᠵᠦᠷᠢᠴᠡᠵᠦ ᠦᠢᠯᠡᠥᠨᠪᠦᠷᠢᠯᠡᠵᠦ᠂ ᠪᠤᠷᠤᠯᠠᠭᠤᠯᠤᠭᠰᠠᠨ ᠦᠢᠯᠡᠥᠨᠬᠦᠨ ᠢ ᠨᠢ ᠬᠤᠷᠢᠶᠠᠨ ᠠᠪᠬᠤ ᠶᠢᠨ ᠬᠠᠮᠳᠤ ᠬᠠᠥᠯᠢ ᠶᠢ ᠵᠦᠷᠢᠴᠡᠵᠦ ᠦᠢᠯᠡᠥᠨᠪᠦᠷᠢᠯᠡᠵᠦ᠂ ᠪᠤᠷᠤᠯᠠᠭᠤᠯᠤᠭᠰᠠᠨ ᠦᠢᠯᠡᠥᠨᠬᠦᠨ ᠤ ᠬᠢᠨᠢ ᠪᠠᠷᠠᠭᠠᠨ ᠤ ᠦᠨ᠎ᠡ ᠦᠷᠳᠡᠭ ᠤᠨ ᠵᠠᠭᠤᠨ ᠤ ᠲᠠᠪᠢ ᠠᠴᠠ ᠲᠡᠭᠡᠭᠰᠢ ᠭᠤᠷᠪᠠᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠲᠠᠪᠬᠤᠷ ᠰᠢᠥᠨᠭᠡᠨ᠎ᠡ︔ ᠬᠠᠥᠯᠢ ᠶᠢ ᠵᠦᠷᠢᠴᠡᠵᠦ ᠤᠯᠵᠠ ᠠᠰᠢᠭ ᠤᠯᠤᠭᠰᠠᠨ ᠪᠠᠶᠢᠪᠠᠯ᠂ ᠬᠠᠥᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠬᠤ ᠪᠠᠷ ᠲᠠᠪᠬᠤᠷ ᠰᠢᠥᠨᠭᠡᠨ᠎ᠡ︔ ᠦᠢᠯᠨ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠡᠵᠡᠩᠨᠡᠯᠳᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠥᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃
   

ᠲᠠᠪᠢᠨ ᠨᠢᠭᠡᠳᠦᠭᠡᠷ ᠵᠦᠢᠯ    ᠤᠯᠤᠰ ᠠᠴᠠ ᠴᠠᠭᠠᠵᠠᠯᠠᠭᠰᠠᠨ ᠦᠢᠯᠡᠥᠨᠬᠦᠨ ᠭᠡᠵᠦ ᠲᠤᠳᠤᠷᠬᠠᠢ ᠵᠠᠷᠯᠠᠭᠰᠠᠨ ᠦᠢᠯᠡᠥᠨᠬᠦᠨ ᠢ ᠦᠢᠯᠡᠥᠨᠪᠦᠷᠢᠯᠡᠭᠰᠡᠨ᠂ ᠤᠯᠤᠰ ᠠᠴᠠ ᠴᠠᠭᠠᠵᠠᠯᠠᠭᠰᠠᠨ ᠦᠢᠯᠡᠥᠨᠬᠦᠨ ᠭᠡᠵᠦ ᠲᠤᠳᠤᠷᠬᠠᠢ ᠵᠠᠷᠯᠠᠭᠰᠠᠨ ᠪᠦᠭᠡᠥᠨ ᠪᠤᠷᠤᠯᠠᠭᠤᠯᠬᠤ ᠶᠢ ᠨᠢ ᠵᠤᠭᠰᠤᠭᠠᠭᠰᠠᠨ ᠦᠢᠯᠡᠥᠨᠬᠦᠨ ᠢ ᠪᠤᠷᠤᠯᠠᠭᠤᠯᠤᠭᠰᠠᠨ ᠪᠠᠶᠢᠪᠠᠯ᠂ ᠦᠢᠯᠡᠥᠨᠪᠦᠷᠢᠯᠡᠬᠦ ᠪᠠ ᠪᠤᠷᠤᠯᠠᠭᠤᠯᠬᠤ ᠶᠢ ᠨᠢ ᠵᠠᠷᠯᠢᠭᠳᠠᠨ ᠵᠤᠭᠰᠤᠭᠠᠵᠤ ᠬᠠᠥᠯᠢ ᠶᠢ ᠵᠦᠷᠢᠴᠡᠵᠦ ᠦᠢᠯᠡᠥᠨᠪᠦᠷᠢᠯᠡᠵᠦ᠂ ᠪᠤᠷᠤᠯᠠᠭᠤᠯᠤᠭᠰᠠᠨ ᠦᠢᠯᠡᠥᠨᠬᠦᠨ ᠢ ᠨᠢ ᠬᠤᠷᠢᠶᠠᠨ ᠠᠪᠬᠤ ᠶᠢᠨ ᠬᠠᠮᠳᠤ ᠬᠠᠥᠯᠢ ᠶᠢ ᠵᠦᠷᠢᠴᠡᠵᠦ ᠦᠢᠯᠡᠥᠨᠪᠦᠷᠢᠯᠡᠵᠦ᠂ ᠪᠤᠷᠤᠯᠠᠭᠤᠯᠤᠭᠰᠠᠨ ᠦᠢᠯᠡᠥᠨᠬᠦᠨ ᠤ ᠬᠢᠨᠢ ᠪᠠᠷᠠᠭᠠᠨ ᠤ ᠦᠨ᠎ᠡ ᠦᠷᠳᠡᠭ ᠠᠴᠠ ᠲᠤᠭᠤᠭᠰᠢ ᠵᠤᠭᠤᠰ  ᠢᠶᠠᠷ ᠲᠤᠷᠭᠠᠬᠤ ᠪᠤᠶᠤ ᠲᠠᠪᠬᠤᠷ ᠰᠢᠥᠨᠭᠡᠨ᠎ᠡ︔ ᠬᠠᠥᠯᠢ ᠶᠢ ᠵᠦᠷᠢᠴᠡᠵᠦ ᠤᠯᠵᠠ ᠠᠰᠢᠭ ᠤᠯᠤᠭᠰᠠᠨ ᠪᠠᠶᠢᠪᠠᠯ᠂ ᠬᠠᠥᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠬᠤ ᠪᠠᠷ ᠲᠠᠪᠬᠤᠷ ᠰᠢᠥᠨᠭᠡᠨ᠎ᠡ︔ ᠦᠢᠯᠡ ᠪᠠᠶᠢᠳᠠᠯ ᠨᠢ ᠬᠦᠨᠳᠦ ᠨᠤᠴᠢᠳᠠᠢ ᠪᠠᠶᠢᠪᠠᠯ ᠡᠵᠡᠩᠨᠡᠯᠳᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠡ᠃
   

ᠲᠠᠪᠢᠨ ᠬᠤᠶᠠᠳᠤᠭᠠᠷ ᠵᠦᠢᠯ    ᠬᠦᠴᠦᠨ ᠢᠶᠠᠨ ᠠᠯᠳᠠᠭᠰᠠᠨ᠂ ᠴᠢᠨᠠᠷ ᠬᠤᠪᠢᠷᠠᠭᠰᠠᠨ ᠦᠢᠯᠡᠥᠨᠬᠦᠨ ᠢ ᠪᠤᠷᠤᠯᠠᠭᠤᠯᠤᠭᠰᠠᠨ ᠪᠠᠶᠢᠪᠠᠯ᠂ ᠪᠤᠷᠤᠯᠠᠭᠤᠯᠬᠤ ᠶᠢ ᠨᠢ ᠵᠠᠷᠯᠢᠭᠳᠠᠨ ᠵᠤᠭᠰᠤᠭᠠᠵᠤ᠂ ᠬᠠᠥᠯᠢ ᠶᠢ ᠵᠦᠷᠢᠴᠡᠵᠦ ᠪᠤᠷᠤᠯᠠᠭᠤᠯᠤᠭᠰᠠᠨ ᠦᠢᠯᠡᠥᠨᠬᠦᠨ ᠢ ᠨᠢ ᠬᠤᠷᠢᠶᠠᠨ ᠠᠪᠬᠤ ᠶᠢᠨ ᠬᠠᠮᠳᠤ ᠬᠠᠥᠯᠢ ᠶᠢ ᠵᠦᠷᠢᠴᠡᠵᠦ ᠪᠤᠷᠤᠯᠠᠭᠤᠯᠤᠭᠰᠠᠨ ᠦᠢᠯᠡᠥᠨᠬᠦᠨ ᠤ ᠬᠢᠨᠢ ᠪᠠᠷᠠᠭᠠᠨ ᠤ ᠦᠨ᠎ᠡ ᠦᠷᠳᠡᠭ ᠤᠨ ᠬᠤᠶᠠᠷ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠲᠠᠪᠬᠤᠷ ᠰᠢᠥᠨᠭᠡᠨ᠎ᠡ︔ ᠬᠠᠥᠯᠢ ᠶᠢ ᠵᠦᠷᠢᠴᠡᠵᠦ ᠤᠯᠵᠠ ᠠᠰᠢᠭ ᠤᠯᠤᠭᠰᠠᠨ ᠪᠠᠶᠢᠪᠠᠯ᠂ ᠬᠠᠥᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠬᠤ ᠪᠠᠷ ᠲᠠᠪᠬᠤᠷ ᠰᠢᠥᠨᠭᠡᠨ᠎ᠡ︔

ᠦᠢᠯᠨ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠡᠵᠡᠩᠨᠡᠯᠳᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠥᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃
   

ᠲᠠᠪᠢᠨ ᠭᠤᠷᠪᠠᠳᠤᠭᠠᠷ ᠵᠦᠢᠯ    ᠦᠢᠯᠡᠥᠨᠬᠦᠨ ᠤ ᠦᠢᠯᠡᠥᠨᠪᠦᠷᠢᠯᠡᠭᠰᠡᠨ ᠭᠠᠵᠠᠷ ᠢ ᠬᠠᠭᠤᠷᠮᠠᠭᠯᠠᠨ ᠵᠤᠬᠢᠶᠠᠭᠰᠠᠨ᠂ ᠪᠤᠰᠤᠤᠨ ᠤᠨ ᠦᠢᠯᠡᠥᠨᠪᠦᠷᠢ ᠶᠢᠨ ᠨᠡᠷ᠎ᠡ᠂ ᠦᠢᠯᠡᠥᠨᠪᠦᠷᠢ ᠶᠢᠨ ᠬᠠᠶ᠋ᠢᠭ ᠢ ᠬᠠᠭᠤᠷᠮᠠᠭᠯᠠᠨ ᠵᠤᠬᠢᠶᠠᠭᠰᠠᠨ ᠪᠤᠶᠤ ᠬᠠᠭᠤᠷᠮᠠᠭᠯᠠᠨ ᠭᠡᠷᠡᠭᠯᠡᠭᠰᠡᠨ᠂ ᠭᠡᠷᠡᠴᠢᠯᠡᠨ ᠮᠠᠭᠠᠥᠨᠯᠠᠭᠰᠠᠨ ᠲᠡᠮᠳᠡᠭ ᠵᠡᠷᠭᠡ ᠶᠠᠰᠤ ᠴᠢᠨᠠᠷ ᠤᠨ ᠲᠡᠮᠳᠡᠭ ᠢ ᠬᠠᠭᠤᠷᠮᠠᠭᠯᠠᠨ ᠵᠤᠬᠢᠶᠠᠭᠰᠠᠨ ᠪᠤᠶᠤ ᠬᠠᠭᠤᠷᠮᠠᠭᠯᠠᠨ ᠭᠡᠷᠡᠭᠯᠡᠭᠰᠡᠨ ᠪᠠᠶᠢᠪᠠᠯ᠂ ᠵᠠᠷᠯᠢᠭᠳᠠᠨ ᠵᠠᠯᠠᠷᠠᠭᠤᠯᠵᠤ᠂ ᠬᠠᠥᠯᠢ ᠶᠢ ᠵᠦᠷᠢᠴᠡᠨ ᠦᠢᠯᠡᠥᠨᠪᠦᠷᠢᠯᠡᠵᠦ᠂ ᠪᠤᠷᠤᠯᠠᠭᠤᠯᠤᠭᠰᠠᠨ ᠦᠢᠯᠡᠥᠨᠬᠦᠨ ᠢ ᠨᠢ ᠬᠤᠷᠢᠶᠠᠨ ᠠᠪᠬᠤ ᠶᠢᠨ ᠬᠠᠮᠳᠤ ᠬᠠᠥᠯᠢ ᠶᠢ ᠵᠦᠷᠢᠴᠡᠵᠦ ᠦᠢᠯᠡᠥᠨᠪᠦᠷᠢᠯᠡᠵᠦ᠂ ᠪᠤᠷᠤᠯᠠᠭᠤᠯᠤᠭᠰᠠᠨ ᠦᠢᠯᠡᠥᠨᠬᠦᠨ ᠤ ᠬᠢᠨᠢ ᠪᠠᠷᠠᠭᠠᠨ ᠤ ᠦᠨ᠎ᠡ ᠦᠷᠳᠡᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠲᠠᠪᠬᠤᠷ ᠰᠢᠥᠨᠭᠡᠨ᠎ᠡ︔ ᠬᠠᠥᠯᠢ ᠶᠢ ᠵᠦᠷᠢᠴᠡᠵᠦ ᠤᠯᠵᠠ ᠠᠰᠢᠭ ᠤᠯᠤᠭᠰᠠᠨ ᠪᠠᠶᠢᠪᠠᠯ᠂ ᠬᠠᠥᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠵᠤ ᠠᠪᠬᠤ ᠪᠠᠷ ᠲᠠᠪᠬᠤᠷ ᠰᠢᠥᠨᠭᠡᠨ᠎ᠡ︔ ᠦᠢᠯᠡ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠡᠵᠡᠩᠨᠡᠯᠳᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ᠃
   

ᠲᠠᠪᠢᠨ ᠲᠦᠷᠪᠡᠳᠦᠭᠡᠷ ᠵᠦᠢᠯ    ᠦᠢᠯᠡᠥᠨᠬᠦᠨ ᠤ ᠲᠡᠮᠳᠡᠭ ᠨᠢ ᠲᠤᠰ ᠬᠠᠥᠯᠢ ᠶᠢᠨ ᠬᠤᠷᠢᠨ ᠲᠤᠯᠤᠳᠤᠭᠠᠷ ᠵᠦᠢᠯ ᠤᠨ ᠲᠤᠭᠳᠠᠭᠠᠯ ᠲᠠᠢ ᠨᠡᠶᠢᠴᠡᠬᠦ ᠦᠭᠡᠢ ᠪᠠᠶᠢᠪᠠᠯ᠂ ᠵᠠᠷᠯᠢᠭᠳᠠᠨ ᠵᠠᠯᠠᠷᠠᠭᠤᠯᠤᠨ᠎ᠠ︔ ᠪᠤᠭᠤᠳᠠᠯ ᠪᠠᠭᠯᠠᠭ᠎ᠠ ᠲᠠᠢ ᠦᠢᠯᠡᠥᠨᠬᠦᠨ ᠤ ᠲᠡᠮᠳᠡᠭ ᠨᠢ ᠲᠤᠰ ᠬᠠᠥᠯᠢ ᠶᠢᠨ ᠬᠤᠷᠢᠨ ᠲᠤᠯᠤᠳᠤᠭᠠᠷ ᠵᠦᠢᠯ ᠤᠨ ︵ᠲᠦᠷᠪᠡ︶ ᠳ᠋ᠤᠬᠡᠷ ᠵᠤᠷᠪᠤᠰ᠂    ︵ᠲᠠᠪᠤ︶ ᠳ᠋ᠦ᠋ᠭᠠᠷ ᠵᠤᠷᠪᠤᠰ ᠤᠨ ᠲᠤᠭᠳᠠᠭᠠᠯ ᠲᠠᠢ ᠨᠡᠶᠢᠴᠡᠬᠦ ᠦᠭᠡᠢ ᠪᠦᠭᠡᠥᠨ ᠦᠢᠯᠨ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠦᠢᠯᠡᠥᠨᠪᠦᠷᠢᠯᠡᠬᠦ ᠪᠠ ᠪᠤᠷᠤᠯᠠᠭᠤᠯᠬᠤ ᠶᠢ ᠨᠢ ᠵᠠᠷᠯᠢᠭᠳᠠᠨ ᠵᠤᠭᠰᠤᠭᠠᠬᠤ ᠶᠢᠨ ᠬᠠᠮᠳᠤ ᠬᠠᠥᠯᠢ ᠶᠢ ᠵᠦᠷᠢᠴᠡᠨ ᠦᠢᠯᠡᠥᠨᠪᠦᠷᠢᠯᠡᠵᠦ᠂ ᠪᠤᠷᠤᠯᠠᠭᠤᠯᠤᠭᠰᠠᠨ ᠦᠢᠯᠡᠥᠨᠬᠦᠨ ᠤ ᠬᠢᠨᠢ ᠪᠠᠷᠠᠭᠠᠨ ᠤ ᠦᠨ᠎ᠡ ᠦᠷᠳᠡᠭ ᠤᠨ ᠵᠠᠭᠤᠨ ᠤ ᠭᠤᠴᠢ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠲᠠᠪᠬᠤᠷ ᠰᠢᠥᠨᠭᠡᠨ᠎ᠡ︔ ᠬᠠᠥᠯᠢ ᠶᠢ ᠵᠦᠷᠢᠴᠡᠵᠦ ᠤᠯᠵᠠ ᠠᠰᠢᠭ ᠤᠯᠤᠭᠰᠠᠨ ᠪᠠᠶᠢᠪᠠᠯ᠂ ᠬᠠᠥᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠵᠤ ᠠᠪᠬᠤ ᠪᠠᠷ ᠲᠠᠪᠬᠤᠷ ᠰᠢᠥᠨᠭᠡᠨ᠎ᠡ᠃
   

ᠲᠠᠪᠢᠨ ᠲᠠᠪᠤᠳᠤᠭᠠᠷ ᠵᠦᠢᠯ    ᠪᠤᠷᠤᠯᠠᠭᠤᠯᠤᠭᠴᠢ ᠲᠤᠰ ᠬᠠᠥᠯᠢ ᠶᠢᠨ ᠲᠦᠴᠢ ᠶᠢᠰᠦᠳᠦᠭᠡᠷ ᠵᠦᠢᠯ ᠠᠴᠠ ᠲᠠᠪᠢᠨ ᠭᠤᠷᠪᠠᠳᠤᠭᠠᠷ ᠵᠦᠢᠯ ᠬᠦᠷᠳᠡᠯᠡᠬᠢ ᠵᠦᠢᠯ ᠤᠳ ᠲᠤ ᠪᠤᠷᠤᠯᠠᠭᠤᠯᠬᠤ ᠶᠢ ᠴᠠᠭᠠᠵᠠᠯᠠᠬᠤ ᠪᠠᠷ ᠲᠤᠭᠳᠠᠭᠠᠭᠰᠠᠨ ᠦᠢᠯᠡᠥᠨᠬᠦᠨ ᠢ ᠪᠤᠷᠤᠯᠠᠭᠤᠯᠤᠭᠰᠠᠨ ᠪᠤᠯᠪᠠᠴᠤ ᠤᠤᠯ ᠦᠢᠯᠡᠥᠨᠬᠦᠨ ᠪᠤᠯ ᠪᠤᠷᠤᠯᠠᠭᠤᠯᠬᠤ ᠶᠢ ᠴᠠᠭᠠᠵᠠᠯᠠᠭᠰᠠᠨ ᠦᠢᠯᠡᠥᠨᠬᠦᠨ ᠪᠤᠯᠬᠤ ᠶᠢ ᠮᠡᠳᠡᠭᠰᠡᠨ ᠦᠭᠡᠢ ᠭᠡᠳᠡᠭ ᠢᠶᠠᠨ ᠬᠡᠷᠡᠴᠢᠯᠡᠬᠦ ᠬᠦᠢᠴᠡᠥᠨ ᠪᠠᠷᠢᠮᠳᠠ ᠲᠠᠢ ᠪᠠᠶᠢᠬᠤ ᠶᠢᠨ ᠬᠠᠮᠳᠤ ᠪᠠᠷᠠᠭᠠᠨ ᠤ ᠢᠷᠡᠯᠳᠡ ᠶᠢ ᠦᠨᠡᠨ ᠮᠦᠨ ᠢᠶᠠᠷ ᠨᠢ ᠲᠤᠳᠤᠷᠬᠠᠢᠢᠯᠠᠭᠰᠠᠨ ᠪᠠᠶᠢᠪᠠᠯ᠂ ᠬᠦᠡᠭᠭᠡᠨ ᠢᠶᠠᠷ ᠰᠢᠥᠨᠭᠡᠬᠦ ᠪᠤᠶᠤ ᠬᠦᠡᠭᠭᠡᠷᠡᠬᠦᠯᠦᠨ ᠰᠢᠥᠨᠭᠡᠵᠦ ᠪᠤᠯᠤᠨ᠎ᠠ᠃
   

ᠲᠠᠪᠢᠨ ᠵᠢᠷᠭᠤᠳᠤᠭᠠᠷ ᠵᠦᠢᠯ    ᠬᠠᠥᠯᠢ ᠶᠤᠰᠤᠭᠠᠷ ᠶᠠᠪᠤᠭᠤᠯᠵᠤ ᠪᠠᠶᠢᠭ᠎ᠠ ᠦᠢᠯᠡᠥᠨᠬᠦᠨ ᠤ ᠶᠠᠰᠤ ᠴᠢᠨᠠᠷ ᠤᠨ ᠲᠤᠬᠠᠢ ᠬᠢᠨᠠᠯᠳᠠ ᠪᠠᠶᠢᠴᠠᠭᠠᠯᠳᠠ ᠶᠢ ᠬᠦᠯᠢᠶᠡᠬᠦ ᠦᠭᠡᠢ ᠲᠡᠪᠴᠢᠭᠰᠡᠨ ᠪᠠᠶᠢᠪᠠᠯ ᠰᠡᠷᠡᠮᠵᠢ ᠦᠭᠴᠦ᠂ ᠵᠠᠷᠯᠢᠭᠳᠠᠨ ᠵᠠᠯᠠᠷᠠᠭᠤᠯᠤᠨ᠎ᠠ︔ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ ᠵᠠᠷᠯᠢᠭᠳᠠᠵᠤ ᠪᠠᠶᠢᠭᠠᠥᠨ ᠠᠵᠢᠯ ᠢ ᠨᠢ ᠵᠤᠭᠰᠤᠭᠠᠵᠤ ᠴᠡᠭᠴᠡᠯᠡᠬᠦᠯᠦᠨ᠎ᠡ︔ ᠦᠢᠯᠨ ᠪᠠᠶᠢᠳᠠᠯ  ᠨᠢ ᠤᠨᠴᠠᠭᠠᠢ ᠬᠦᠨᠳᠦ ᠨᠤᠴᠢᠳᠠᠢ ᠪᠠᠶᠢᠪᠠᠯ᠂ ᠡᠵᠡᠩᠨᠡᠯᠳᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ᠃
   

ᠲᠠᠪᠢᠨ ᠲᠤᠯᠤᠳᠤᠭᠠᠷ ᠵᠦᠢᠯ    ᠦᠢᠯᠡᠥᠨᠬᠦᠨ ᠤ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠮᠵᠢ᠂ ᠭᠡᠷᠡᠴᠢᠯᠡᠨ ᠮᠠᠭᠠᠥᠨᠯᠠᠬᠤ ᠪᠠᠶᠢᠭᠤᠯᠤᠮᠵᠢ ᠪᠠᠶᠢᠴᠠᠭᠠᠨ ᠰᠢᠯᠭᠠᠭᠰᠠᠨ ᠦᠷ᠎ᠡ ᠳ᠋ᠦᠠᠭ ᠢ ᠬᠠᠭᠤᠷᠮᠠᠭᠯᠠᠨ ᠵᠤᠬᠢᠶᠠᠭᠰᠠᠨ ᠪᠤᠶᠤ ᠬᠤᠳᠠᠯ ᠬᠠᠭᠤᠷᠮᠠᠭ ᠭᠡᠷᠡᠴᠢ ᠬᠢᠵᠦ ᠦᠭᠬᠦᠭᠰᠡᠨ ᠪᠠᠶᠢᠪᠠᠯ ᠵᠠᠷᠯᠢᠭᠳᠠᠨ ᠵᠠᠯᠠᠷᠠᠭᠤᠯᠵᠤ᠂ ᠨᠢᠭᠡᠴᠢ ᠶᠢ ᠨᠢ ᠲᠠᠪᠤᠨ ᠲᠦᠮᠡᠨ ᠲᠦᠬᠦᠷᠢᠭ ᠠᠴᠠ ᠲᠡᠭᠡᠭᠰᠢ ᠠᠷᠪᠠᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠵᠤ᠂ ᠰᠢᠭᠤᠤᠨ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠠᠵᠢᠯᠳᠠᠨ ᠪᠠ ᠰᠢᠭᠤᠤᠨ ᠬᠠᠷᠢᠭᠤᠴᠠᠯᠭ᠎ᠠ ᠲᠠᠢ ᠪᠤᠰᠤᠤᠨ ᠠᠵᠢᠯᠳᠠᠨ ᠢ ᠲᠦᠮᠡᠨ ᠲᠦᠬᠦᠷᠢᠭ ᠠᠴᠠ ᠲᠡᠭᠡᠭᠰᠢ ᠲᠠᠪᠤᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠨ᠎ᠠ︔ ᠬᠠᠥᠯᠢ ᠶᠢ ᠵᠦᠷᠢᠴᠡᠵᠦ ᠤᠯᠵᠠ ᠠᠰᠢᠭ ᠤᠯᠤᠭᠰᠠᠨ ᠪᠠᠶᠢᠪᠠᠯ᠂ ᠬᠠᠥᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠬᠤ ᠪᠠᠷ ᠲᠠᠪᠬᠤᠷ ᠰᠢᠥᠨᠭᠡᠨ᠎ᠡ︔ ᠦᠢᠯᠨ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠪᠠᠶᠢᠴᠠᠭᠠᠨ ᠰᠢᠯᠭᠠᠬᠤ ᠭᠢᠷᠢ    ᠭᠡᠮ᠂ ᠭᠡᠷᠡᠴᠢᠯᠡᠨ ᠮᠠᠭᠠᠥᠨᠯᠠᠬᠤ ᠬᠢᠷᠢ ᠭᠡᠮ ᠢ ᠨᠢ ᠬᠠᠰᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠥᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃
   ᠦᠢᠯᠡᠥᠨᠬᠦᠨ ᠤ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠮᠵᠢ᠂ ᠭᠡᠷᠡᠴᠢᠯᠡᠨ ᠮᠠᠭᠠᠥᠨᠯᠠᠬᠤ ᠪᠠᠶᠢᠭᠤᠯᠤᠮᠵᠢ ᠶᠢᠨ ᠭᠠᠷᠭᠠᠭᠰᠠᠨ ᠪᠠᠶᠢᠴᠠᠭᠠᠨ ᠰᠢᠯᠭᠠᠬᠰᠠᠨ ᠦᠷ᠎ᠡ ᠳ᠋ᠦᠠᠭ ᠪᠤᠶᠤ ᠭᠡᠷᠡᠴᠢᠯᠡᠯ ᠨᠢ ᠦᠨᠡᠨ ᠪᠢᠰᠢ ᠠᠴᠠ ᠪᠤᠯᠵᠤ ᠬᠤᠬᠢᠷᠠᠯ ᠭᠠᠷᠭᠠᠭᠰᠠᠨ ᠪᠠᠶᠢᠪᠠᠯ᠂ ᠵᠤᠬᠢᠴᠠᠩᠭᠤᠢ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠭᠡᠷᠡᠭᠳᠡᠢ︔ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠪᠠᠶᠢᠪᠠᠯ᠂ ᠪᠠᠶᠢᠴᠠᠭᠠᠨ ᠰᠢᠯᠭᠠᠬᠤ ᠭᠢᠷᠢ ᠭᠡᠮ᠂ ᠭᠡᠷᠡᠴᠢᠯᠡᠨ ᠮᠠᠭᠠᠥᠨᠯᠠᠬᠤ ᠭᠢᠷᠢ ᠭᠡᠮ ᠢ ᠨᠢ ᠬᠠᠰᠤᠨ᠎ᠠ᠃
   

ᠦᠢᠯᠡᠥᠨᠬᠦᠨ ᠤ ᠶᠠᠰᠤ ᠴᠢᠨᠠᠷ ᠢ ᠭᠡᠷᠡᠴᠢᠯᠡᠨ ᠮᠠᠭᠠᠥᠨᠯᠠᠬᠤ ᠪᠠᠶᠢᠭᠤᠯᠤᠮᠵᠢ ᠲᠤᠰ ᠬᠠᠥᠯᠢ ᠶᠢᠨ ᠬᠤᠷᠢᠨ ᠨᠢᠭᠡᠳᠦᠭᠡᠷ ᠵᠦᠢᠯ ᠤᠨ ᠬᠤᠶᠠᠳᠤᠭᠠᠷ ᠪᠠᠳᠠᠭ ᠤᠨ ᠲᠤᠭᠳᠠᠭᠠᠯ ᠢ ᠵᠦᠷᠢᠴᠡᠵᠦ᠂ ᠬᠡᠷᠡᠴᠢᠯᠡᠨ ᠮᠠᠭᠠᠥᠨᠯᠠᠬᠤ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠳᠠᠯ᠎ᠠ ᠭᠡᠷᠡᠴᠢᠯᠡᠨ ᠮᠠᠭᠠᠥᠨᠯᠠᠭᠰᠠᠨ ᠲᠡᠮᠳᠡᠭ ᠢ ᠭᠡᠷᠡᠭᠯᠡᠭᠰᠡᠨ ᠦᠢᠯᠡᠥᠨᠬᠦᠨ ᠢ ᠬᠠᠥᠯᠢ ᠶᠤᠰᠤᠭᠠᠷ ᠵᠠᠯᠠᠷᠠᠭᠤᠯᠬᠤ ᠪᠠᠷ ᠱᠠᠭᠠᠷᠳᠠᠭᠰᠠᠨ ᠦᠭᠡᠢ ᠪᠤᠶᠤ ᠭᠡᠷᠡᠴᠢᠯᠡᠨ ᠮᠠᠭᠠᠥᠨᠯᠠᠭᠰᠠᠨ ᠲᠡᠮᠳᠡᠭ ᠢ ᠭᠡᠷᠡᠭᠯᠡᠬᠦ ᠭᠢᠷᠢ ᠭᠡᠮ ᠢ ᠨᠢ ᠬᠠᠰᠤᠭᠰᠠᠨ ᠦᠭᠡᠢ ᠪᠠᠶᠢᠪᠠᠯ᠂ ᠦᠢᠯᠡᠥᠨᠬᠦᠨ ᠤ ᠭᠡᠷᠡᠴᠢᠯᠡᠨ ᠮᠠᠭᠠᠥᠨᠯᠠᠬᠤ ᠪᠠᠷᠢᠮᠵᠢᠶ᠎ᠠ ᠳᠤ ᠨᠡᠶᠢᠴᠡᠭᠰᠡᠨ ᠦᠭᠡᠢ ᠠᠴᠠ ᠪᠤᠯᠵᠤ ᠭᠡᠷᠡᠭᠯᠡᠭᠴᠢᠥᠨ ᠲᠤ ᠤᠴᠠᠷᠠᠭᠤᠯᠤᠭᠰᠠᠨ ᠬᠤᠬᠢᠷᠠᠯ ᠤᠨ ᠲᠠᠯ᠎ᠠ ᠪᠠᠷ ᠤᠤᠯ ᠦᠢᠯᠡᠥᠨᠬᠦᠨ ᠤ ᠦᠢᠯᠡᠥᠨᠪᠦᠷᠢᠯᠡᠭᠴᠢ᠂ ᠪᠤᠷᠤᠯᠠᠭᠤᠯᠤᠭᠴᠢ ᠲᠠᠢ ᠬᠠᠮᠳᠤ ᠪᠠᠷ ᠬᠤᠯᠪᠤᠯᠳᠠᠭᠰᠠᠨ ᠬᠠᠷᠢᠭᠤᠴᠠᠯᠭ᠎ᠠ ᠡᠭᠦᠷᠭᠡᠯᠨᠨ᠎ᠡ︔ ᠦᠢᠯᠨ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠭᠡᠷᠡᠴᠢᠯᠡᠨ ᠮᠠᠭᠠᠥᠨᠯᠠᠬᠤ ᠭᠢᠷᠢ ᠭᠡᠮ ᠢ ᠨᠢ ᠬᠠᠰᠤᠨ᠎ᠠ᠃
   

ᠲᠠᠪᠢᠨ ᠨᠠᠢᠮᠠᠳᠤᠭᠠᠷ ᠵᠦᠢᠯ    ᠨᠡᠶᠢᠭᠡᠮ ᠤᠨ ᠪᠦᠯᠬᠦᠮ᠂ ᠨᠡᠶᠢᠭᠡᠮ ᠤᠨ ᠵᠠᠭᠤᠴᠢ ᠪᠠᠶᠢᠭᠤᠯᠤᠮᠵᠢ ᠦᠢᠯᠡᠥᠨᠬᠦᠨ ᠤ ᠶᠠᠰᠤ ᠴᠢᠨᠠᠷ ᠤᠨ ᠲᠠᠯ᠎ᠠ ᠪᠠᠷ ᠠᠮᠠᠯᠠᠯᠳᠠ᠂ ᠪᠠᠳᠤᠯᠠᠭ᠎ᠠ ᠭᠠᠷᠭᠠᠭᠠᠥᠨ᠂ ᠤᠤᠯ ᠦᠢᠯᠡᠥᠨᠬᠦᠨ ᠨᠢ ᠲᠡᠷᠨ ᠠᠮᠠᠯᠠᠯᠳᠠ᠂ ᠪᠠᠳᠤᠯᠠᠭ᠎ᠠ ᠳᠤ ᠭᠡᠯᠡᠭᠰᠡᠨ ᠶᠠᠰᠤ ᠴᠢᠨᠠᠷ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠵᠤ ᠭᠡᠷᠡᠭᠯᠡᠭᠴᠢᠥᠨ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠤᠤᠯ ᠦᠢᠯᠡᠥᠨᠬᠦᠨ  ᠦᠢᠯᠡᠥᠨᠪᠦᠷᠢᠯᠡᠭᠴᠢ᠂ ᠪᠤᠷᠤᠯᠠᠭᠤᠯᠤᠭᠴᠢ ᠲᠠᠢ ᠬᠠᠮᠳᠤ ᠪᠠᠷ ᠬᠤᠯᠪᠤᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠃
   

ᠲᠠᠪᠢ ᠶᠢᠰᠦᠳᠦᠭᠡᠷ ᠵᠦᠢᠯ    ᠵᠠᠷ ᠲᠤ ᠪᠠᠨ ᠦᠢᠯᠡᠥᠨᠬᠦᠨ ᠤ ᠶᠠᠰᠤ ᠴᠢᠨᠠᠷ ᠤᠨ ᠲᠤᠬᠠᠢ ᠬᠤᠳᠠᠯ ᠬᠠᠭᠤᠷᠮᠠᠭ ᠤᠬᠠᠭᠤᠯᠭ᠎ᠠ ᠬᠢᠵᠦ᠂ ᠭᠡᠷᠡᠭᠯᠡᠭᠴᠢᠥᠨ ᠢ ᠮᠡᠭᠡᠯᠡᠭᠰᠡᠨ ᠪᠠ ᠪᠤᠷᠤᠭᠤ ᠪᠠᠷ ᠬᠦᠳᠦᠯᠦᠭᠰᠡᠨ ᠪᠠᠶᠢᠪᠠᠯ᠂  ᠪᠦᠬᠦᠳᠡ ᠨᠠᠶᠢᠷᠠᠮᠳᠠᠬᠤ ᠲᠤᠮᠳᠠᠳᠤ ᠠᠷᠠᠥᠨ ᠤᠯᠤᠰ ᠤᠨ ᠵᠠᠷ ᠤᠨ ᠬᠠᠥᠯᠢ  ᠶᠢᠨ ᠲᠤᠭᠳᠠᠭᠠᠯ ᠶᠤᠰᠤᠭᠠᠷ ᠬᠠᠥᠯᠢ ᠶᠢᠨ ᠬᠠᠷᠢᠭᠤᠴᠠᠯᠭ᠎ᠠ ᠨᠡᠭᠡᠮᠵᠢᠯᠡᠨ᠎ᠡ᠃

ᠵᠢᠷᠠᠳᠤᠭᠠᠷ ᠵᠦᠢᠯ    ᠦᠢᠯᠡᠥᠨᠪᠦᠷᠢᠯᠡᠭᠴᠢ ᠶᠢᠨ ᠲᠤᠰ ᠬᠠᠥᠯᠢ ᠶᠢᠨ ᠲᠦᠴᠢ ᠶᠢᠰᠦᠳᠦᠭᠡᠷ ᠵᠦᠢᠯ᠂ ᠲᠠᠪᠢᠨ ᠨᠢᠭᠡᠳᠦᠭᠡᠷ ᠵᠦᠢᠯ ᠳᠤ ᠵᠢᠠᠠᠰᠠᠭᠠᠭᠰᠠᠨ ᠦᠢᠯᠡᠥᠨᠬᠦᠨ ᠪᠤᠶᠤ ᠬᠠᠭᠤᠷᠮᠠᠭ ᠢᠶᠠᠷ ᠵᠢᠩᠭᠢᠨᠢ ᠶᠢ ᠤᠷᠤᠯᠠᠭᠤᠯᠤᠭᠰᠠᠨ ᠦᠢᠯᠡᠥᠨᠬᠦᠨ ᠢ ᠦᠢᠯᠡᠥᠨᠪᠦᠷᠢᠯᠡᠬᠦ ᠳᠤ ᠲᠤᠰᠬᠠᠢ ᠭᠡᠷᠡᠭᠯᠡᠵᠦ ᠪᠠᠶᠢᠭ᠎ᠠ ᠲᠦᠬᠦᠭᠡᠢ ᠡᠳ᠋ ᠮᠠᠲ᠋ᠧᠷᠢᠶᠠᠯ᠂ ᠲᠤᠰᠠᠯᠠᠬᠤ ᠡᠳ᠋ ᠮᠠᠲ᠋ᠧᠷᠢᠶᠠᠯ᠂ ᠪᠤᠭᠤᠳᠠᠯ ᠪᠠᠭᠯᠠᠭ᠎ᠠ ᠂ ᠦᠢᠯᠡᠥᠨᠪᠦᠷᠢᠯᠡᠯ ᠤᠨ ᠪᠠᠭᠠᠵᠢ ᠶᠢ ᠬᠤᠷᠢᠶᠠᠵᠤ ᠠᠪᠬᠤ ᠭᠡᠷᠡᠭᠳᠡᠢ᠃

ᠵᠢᠷᠠᠨ ᠨᠢᠭᠡᠳᠦᠭᠡᠷ ᠵᠦᠢᠯ    ᠲᠤᠰ ᠬᠠᠥᠯᠢ ᠳᠤ ᠦᠢᠯᠡᠥᠨᠪᠦᠷᠢᠯᠡᠬᠦ ᠪᠠ ᠪᠤᠷᠤᠯᠠᠭᠤᠯᠬᠤ ᠶᠢ ᠴᠠᠭᠠᠵᠠᠯᠠᠬᠤ ᠪᠠᠷ ᠲᠤᠭᠳᠠᠭᠠᠭᠰᠠᠨ ᠦᠢᠯᠡᠥᠨᠬᠦᠨ ᠪᠤᠯᠬᠤ ᠶᠢ ᠮᠡᠳᠡᠵᠦ ᠪᠠᠶᠢᠭᠠᠥᠨ ᠪᠤᠶᠤ ᠮᠡᠳᠡᠬᠦ ᠶᠤᠰᠤᠳᠠᠢ ᠪᠠᠶᠢᠳᠠᠯ᠎ᠠ ᠤᠤᠯ ᠦᠢᠯᠡᠥᠨᠬᠦᠨ ᠢ ᠵᠦᠭᠡᠭᠡᠪᠦᠷᠢᠯᠡᠬᠦ᠂ ᠬᠠᠳᠠᠭᠠᠯᠠᠨ ᠬᠠᠮᠢᠶᠠᠷᠬᠤ᠂ ᠨᠦᠭᠡᠴᠡᠯᠡᠬᠦ ᠵᠡᠷᠭᠡ ᠳᠤ ᠲᠦᠬᠦᠮ ᠨᠦᠬᠦᠴᠡᠯ ᠬᠠᠩᠭᠠᠭᠰᠠᠨ᠂ ᠡᠰᠡᠬᠦᠯ᠎ᠡ ᠬᠠᠭᠤᠷᠮᠠᠭ ᠢᠶᠠᠷ ᠵᠢᠩᠭᠢᠨᠢ ᠶᠢ ᠤᠷᠤᠯᠠᠭᠤᠯᠬᠤ ᠦᠢᠯᠡᠥᠨᠬᠦᠨ ᠢ ᠦᠢᠯᠡᠥᠨᠪᠦᠷᠢᠯᠡᠬᠦ ᠳᠤ ᠬᠠᠭᠤᠷᠮᠠᠭ ᠵᠦᠢᠯ ᠢ ᠦᠢᠯᠡᠥᠨᠪᠦᠷᠢᠯᠡᠯ ᠤᠨ ᠮᠡᠷᠭᠡᠵᠢᠯ ᠬᠠᠩᠭᠠᠭᠠᠭᠰᠠᠨ ᠪᠠᠶᠢᠪᠠᠯ᠂ ᠵᠦᠭᠡᠭᠡᠪᠦᠷᠢᠯᠡᠭᠰᠡᠨ᠂ ᠬᠠᠳᠠᠭᠠᠯᠠᠨ ᠬᠠᠮᠢᠶᠠᠷᠤᠭᠰᠠᠨ᠂ ᠨᠦᠭᠡᠴᠡᠯᠡᠭᠰᠡᠨ ᠪᠤᠶᠤ ᠬᠠᠭᠤᠷᠮᠠᠭ ᠵᠦᠢᠯ ᠢ ᠦᠢᠢᠯᠡᠥᠨᠬᠦ ᠦᠢᠯᠡᠥᠨᠪᠦᠷᠢᠯᠡᠯ ᠤᠨ ᠮᠡᠷᠭᠡᠵᠢᠯ ᠢ ᠬᠠᠩᠭᠠᠭᠠᠥᠨ ᠤᠯᠤᠭᠰᠠᠨ ᠤᠷᠤᠯᠭ᠎ᠠ ᠶᠢ ᠨᠢ ᠪᠦᠬᠦᠳᠡ ᠶᠢ ᠬᠤᠷᠢᠶᠠᠵᠤ ᠠᠪᠬᠤ ᠶᠢᠨ ᠬᠠᠮᠳᠤ᠂ ᠬᠠᠥᠯᠢ ᠶᠢ ᠵᠦᠷᠢᠴᠡᠵᠦ ᠤᠯᠤᠭᠰᠠᠨ ᠤᠷᠤᠯᠭ᠎ᠠ ᠶᠢᠨ ᠬᠢᠨᠢ ᠵᠠᠭᠤᠨ ᠤ ᠲᠠᠪᠢ ᠠᠴᠠ ᠲᠡᠭᠡᠭᠰᠢ᠂ ᠭᠤᠷᠪᠠᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ  ᠪᠠᠷ ᠲᠠᠪᠬᠤᠷ ᠰᠢᠥᠨᠭᠡᠨ᠎ᠡ︔ ᠶᠠᠯ᠎ᠡ ᠪᠤᠯᠵᠤ ᠪᠦᠷᠢᠯᠳᠦᠭᠰᠡᠨ ᠪᠠᠶᠢᠪᠠᠯ᠂ ᠬᠠᠥᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃
   

ᠵᠢᠷᠠᠨ ᠬᠤᠶᠠᠳᠤᠭᠠᠷ ᠵᠦᠢᠯ    ᠦᠢᠯᠡᠴᠢᠯᠡᠭᠡᠨ ᠤ ᠦᠢᠯᠡᠰ ᠤᠨ ᠡᠵᠡᠩᠨᠡᠭᠴᠢ ᠲᠤᠰ ᠬᠠᠥᠯᠢ ᠶᠢᠨ ᠲᠦᠴᠢ ᠶᠢᠰᠦᠳᠦᠭᠡᠷ ᠵᠦᠢᠯ  ᠠᠴᠠ ᠲᠠᠪᠢᠨ ᠬᠤᠶᠠᠳᠤᠭᠠᠷ ᠵᠦᠢᠯ ᠬᠦᠷᠳᠡᠯᠡᠭᠢ ᠵᠦᠢᠯ ᠤᠳ ᠲᠤ ᠪᠤᠷᠤᠯᠠᠭᠤᠯᠬᠤ ᠶᠢ ᠴᠠᠭᠠᠵᠠᠯᠠᠬᠤ ᠪᠠᠷ ᠲᠤᠭᠳᠠᠭᠠᠭᠰᠠᠨ ᠦᠢᠯᠡᠥᠨᠬᠦᠨ ᠢ ᠡᠵᠡᠩᠨᠡᠯᠳᠡ ᠶᠢᠨ ᠴᠢᠨᠠᠷᠳᠠᠢ ᠦᠢᠯᠡᠴᠢᠯᠡᠭᠡ ᠳᠤ ᠭᠡᠷᠡᠭᠯᠡᠭᠰᠡᠨ ᠪᠠᠶᠢᠪᠠᠯ᠂ ᠭᠡᠷᠡᠭᠯᠡᠬᠦ ᠶᠢ ᠨᠢ ᠵᠠᠷᠯᠢᠭᠳᠠᠨ ᠵᠤᠭᠰᠤᠭᠠᠨ᠎ᠠ︔

ᠭᠡᠷᠡᠭᠯᠡᠵᠦ ᠪᠠᠶᠢᠭ᠎ᠠ ᠦᠢᠯᠡᠥᠨᠬᠦᠨ ᠨᠢ ᠲᠤᠰ ᠬᠠᠥᠯᠢ ᠳᠤ ᠪᠤᠷᠤᠯᠠᠭᠤᠯᠬᠤ ᠶᠢ ᠴᠠᠭᠠᠵᠠᠯᠠᠬᠤ ᠪᠠᠷ ᠲᠤᠭᠳᠠᠭᠠᠭᠰᠠᠨ ᠦᠢᠯᠡᠥᠨᠬᠦᠨ ᠪᠤᠯᠬᠤ  ᠶᠢ ᠮᠡᠳᠡᠵᠦ ᠪᠠᠶᠢᠭ᠎ᠠ ᠪᠤᠶᠤ ᠮᠡᠳᠡᠬᠦ ᠶᠤᠰᠤᠳᠠᠢ ᠪᠠᠶᠢᠪᠠᠯ᠂ ᠬᠠᠥᠯᠢ ᠶᠢ ᠵᠦᠷᠢᠴᠡᠵᠦ ᠬᠡᠷᠡᠭᠯᠡᠭᠰᠡᠨ ᠦᠢᠯᠡᠥᠨᠬᠦᠨ ᠨᠢᠭᠡᠨᠳᠡ ᠭᠡᠷᠡᠭᠯᠡᠭᠰᠡᠨ ᠪᠠ ᠭᠡᠷᠡᠭᠯᠡᠭᠡᠳᠦᠢ ᠦᠢᠯᠡᠥᠨᠬᠦᠨ ᠪᠠᠭᠳᠠᠨ᠎ᠠ   ᠤ ᠬᠢᠨᠢ ᠪᠠᠷᠠᠭᠠᠨ ᠤ ᠦᠨ᠎ᠡ ᠦᠷᠳᠡᠭ ᠢ ᠨᠢ ᠦᠨᠳᠦᠰᠦᠯᠡᠨ᠂ ᠲᠤᠰ ᠬᠠᠥᠯᠢ ᠳᠠᠬᠢ ᠪᠤᠷᠤᠯᠠᠭᠤᠯᠤᠭᠴᠢᠥᠨ ᠢ ᠰᠢᠥᠨᠭᠡᠬᠦ ᠲᠤᠭᠳᠠᠭᠠᠯ ᠶᠤᠰᠤᠭᠠᠷ ᠰᠢᠥᠨᠭᠡᠨ᠎ᠡ᠃
   

ᠵᠢᠷᠠᠨ ᠭᠤᠷᠪᠠᠳᠤᠭᠠᠷ ᠵᠦᠢᠯ    ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠪᠤᠶᠤ ᠦᠢᠯᠡᠥᠨᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠪᠠᠶᠢᠴᠠᠭᠠᠨ ᠪᠢᠳᠡᠬᠦᠮᠵᠢᠯᠡᠭᠰᠡᠨ᠂ ᠲᠠᠷᠤᠵᠤ ᠠᠪᠤᠭᠰᠠᠨ ᠡᠳ᠋ ᠪᠤᠳᠠᠰ ᠢ ᠨᠢᠭᠤᠨ ᠲᠠᠯᠳᠠᠯᠠᠭᠰᠠᠨ᠂ ᠰᠢᠯᠵᠢᠬᠦᠯᠦᠭᠰᠡᠨ᠂ ᠬᠤᠳᠠᠯᠳᠤᠭᠰᠠᠨ᠂ ᠰᠦᠢᠥᠨᠭᠡᠭᠰᠡᠨ ᠪᠠᠶᠢᠪᠠᠯ ᠨᠢᠭᠤᠨ ᠲᠠᠯᠳᠠᠯᠠᠭᠰᠠᠨ᠂ ᠰᠢᠯᠵᠢᠬᠦᠯᠦᠭᠰᠡᠨ᠂ ᠬᠤᠳᠠᠯᠳᠤᠭᠰᠠᠨ᠂ ᠰᠦᠢᠥᠨᠭᠡᠭᠰᠡᠨ ᠡᠳ᠋ ᠪᠤᠳᠠᠰ ᠤᠨ ᠬᠢᠨᠢ ᠪᠠᠷᠠᠭᠠᠨ ᠤ ᠦᠨ᠎ᠡ ᠦᠷᠳᠡᠭ ᠠᠴᠠ ᠲᠡᠭᠡᠭᠰᠢ ᠭᠤᠷᠪᠠᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠨ᠎ᠠ︔ ᠬᠠᠥᠯᠢ ᠶᠢ ᠵᠦᠷᠢᠴᠡᠵᠦ ᠤᠯᠵᠠ ᠠᠰᠢᠭ ᠤᠯᠤᠭᠰᠠᠨ ᠪᠠᠶᠢᠪᠠᠯ᠂ ᠬᠠᠥᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠵᠤ ᠠᠪᠬᠤ ᠪᠠᠷ ᠲᠠᠪᠬᠤᠷ ᠰᠢᠥᠨᠭᠡᠨ᠎ᠡ᠃
   

ᠵᠢᠷᠠᠨ ᠲᠦᠷᠪᠡᠳᠦᠭᠡᠷ ᠵᠦᠢᠯ    ᠲᠤᠰ ᠬᠠᠥᠯᠢ ᠶᠢᠨ ᠲᠤᠭᠳᠠᠭᠠᠯ ᠢ ᠵᠦᠷᠢᠴᠡᠵᠦ᠂ ᠢᠷᠭᠡᠨ ᠤ ᠭᠡᠷᠡᠭ ᠤᠨ ᠲᠦᠯᠦᠭᠦ ᠬᠠᠷᠢᠭᠤᠴᠠᠯᠭ᠎ᠠ ᠡᠭᠦᠷᠭᠡᠯᠡᠬᠦ ᠪᠠ ᠲᠤᠷᠭᠠᠭᠤᠯᠢ ᠶᠢᠨ ᠵᠤᠭᠤᠰ᠂ ᠲᠤᠷᠭᠠᠭᠤᠯᠢ ᠶᠢᠨ ᠮᠦᠡᠭᠭᠦ ᠲᠤᠰᠢᠶᠠᠬᠤ ᠶᠤᠰᠤᠳᠠᠢ ᠪᠠᠶᠢᠬᠤ ᠳᠤ᠂ ᠡᠳ᠋ ᠬᠦᠷᠦᠩᠭᠡ ᠶᠢ ᠨᠢ ᠬᠠᠮᠳᠤ ᠳᠤᠨᠢ ᠲᠦᠯᠦᠵᠦ ᠬᠦᠷᠬᠦ ᠦᠭᠡᠢ ᠪᠤᠯᠤᠭᠰᠠᠨ ᠦᠶ᠎ᠡ ᠳᠤ ᠤᠷᠢᠳᠠᠪᠠᠷ ᠢᠷᠭᠡᠨ ᠤ ᠭᠡᠷᠡᠭ ᠤᠨ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ᠃
   

ᠵᠢᠷᠠᠨ ᠲᠠᠪᠤᠳᠤᠭᠠᠷ ᠵᠦᠢᠯ    ᠡᠯ᠎ᠠ ᠱᠠᠳᠤᠨ ᠤ ᠠᠷᠠᠥᠨ ᠤᠨ ᠵᠠᠰᠠᠭ ᠤᠨ ᠤᠷᠳᠤᠨ ᠤ ᠠᠵᠢᠯᠳᠠᠨ ᠪᠠ ᠲᠦᠷᠦ ᠶᠢᠨ ᠪᠤᠰᠤᠤᠨ ᠪᠠᠶᠢᠭᠤᠯᠭ᠎ᠠ ᠶᠢᠨ ᠠᠵᠢᠯᠳᠠᠨ ᠳᠤ ᠲᠤᠤᠷ᠎ᠠ ᠵᠢᠠᠠᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠠᠥᠯᠢ ᠶᠤᠰᠤᠭᠠᠷ ᠵᠠᠰᠠᠭ ᠵᠠᠬᠢᠷᠭᠠᠨ ᠤ ᠰᠢᠥᠨᠭᠡᠯ ᠦᠭᠬᠦᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠥᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠄
   

︵ᠨᠢᠭᠡ︶ ᠦᠢᠯᠡᠥᠨᠬᠦᠨ ᠤ ᠦᠢᠯᠡᠥᠨᠪᠦᠷᠢᠯᠡᠯ᠂ ᠪᠤᠷᠤᠯᠠᠭᠤᠯᠤᠯᠳᠠ ᠶᠢᠨ ᠲᠤᠮᠳᠠᠬᠢ ᠲᠤᠰ ᠬᠠᠥᠯᠢ ᠶᠢᠨ ᠲᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠦᠮᠦᠭᠯᠡᠵᠦ᠂ ᠲᠤᠷ᠎ᠠ ᠪᠠᠷ ᠨᠢ ᠲᠠᠯᠪᠢᠭᠰᠠᠨ︔
   

︵ᠬᠤᠶᠠᠷ︶ ᠲᠤᠰ ᠬᠠᠥᠯᠢ ᠶᠢᠨ ᠲᠤᠭᠳᠠᠭᠠᠯ ᠠᠴᠠ ᠵᠦᠷᠢᠴᠡᠭᠰᠡᠨ ᠦᠢᠯᠡᠥᠨᠪᠦᠷᠢᠯᠡᠬᠦ᠂ ᠪᠤᠷᠤᠯᠠᠭᠤᠯᠬᠤ ᠠᠵᠢᠯᠯᠠᠭ᠎ᠠ ᠬᠢᠭᠰᠡᠨ ᠲᠤᠬᠠᠢ ᠶᠢᠨ ᠬᠦᠮᠦᠨ ᠳᠤ ᠮᠡᠳᠡᠭᠡ ᠴᠢᠮᠡᠭᠡ ᠬᠦᠷᠭᠡᠵᠦ᠂ ᠲᠡᠬᠦᠨ ᠢ ᠬᠠᠪᠰᠤᠷᠤᠨ ᠪᠠᠶᠢᠴᠠᠭᠠᠨ ᠰᠢᠢᠥᠨᠪᠦᠷᠢᠯᠡᠬᠦ ᠠᠴᠠ ᠪᠤᠯᠳᠠᠨ ᠵᠠᠶᠢᠯᠠᠭᠤᠯᠤᠭᠰᠠᠨ︔
   

︵ᠭᠤᠷᠪᠠ︶ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠪᠤᠶᠤ ᠦᠢᠯᠡᠥᠨᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠦᠢᠯᠡᠥᠨᠬᠦᠨ ᠤ ᠦᠢᠯᠡᠥᠨᠪᠦᠷᠢᠯᠡᠯ᠂ ᠪᠤᠷᠤᠯᠠᠭᠤᠯᠤᠯᠳᠠ ᠶᠢᠨ ᠲᠤᠮᠳᠠᠬᠢ ᠲᠤᠰ ᠬᠠᠥᠯᠢ ᠶᠢᠨ ᠲᠤᠭᠳᠠᠭᠠᠯ ᠠᠴᠠ ᠵᠦᠷᠢᠴᠡᠭᠰᠡᠨ ᠦᠢᠯᠨ ᠠᠵᠢᠯᠯᠠᠭ᠎ᠠ ᠶᠢ ᠬᠠᠥᠯᠢ ᠶᠤᠰᠤᠭᠠᠷ ᠪᠠᠶᠢᠴᠠᠭᠠᠨ ᠰᠢᠢᠥᠨᠪᠦᠷᠢᠯᠡᠬᠦ ᠶᠠᠪᠤᠳᠠᠯ ᠳᠤ ᠬᠠᠷᠰᠢᠯᠠᠯ ᠦᠵᠡᠬᠦᠯᠵᠦ᠂ ᠭᠠᠷ ᠲᠦᠷᠦᠭᠡᠥᠨ ᠬᠦᠨᠳᠦ ᠨᠤᠴᠢᠳᠠᠢ ᠤᠷᠰᠢᠭ ᠲᠠᠳᠠᠭᠰᠠᠨ᠃
   

ᠵᠢᠷᠠᠨ ᠵᠢᠷᠭᠤᠳᠤᠭᠠᠷ ᠵᠦᠢᠯ    ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠵᠤ ᠰᠤᠩᠭᠤᠨ ᠪᠠᠶᠢᠴᠠᠭᠠᠬᠤ ᠲᠤᠮᠳᠠ ᠪᠠᠨ ᠦᠯᠢᠭᠡᠷ ᠡᠳ᠋ ᠢ ᠲᠤᠭᠳᠠᠭᠠᠯ ᠠᠴᠠ ᠭᠡᠳᠦᠷᠡᠬᠦᠯᠦᠨ ᠢᠯᠡᠬᠦᠦ ᠠᠪᠬᠤ ᠪᠤᠶᠤ ᠪᠠᠶᠢᠴᠠᠭᠠᠯᠳᠠ ᠬᠦᠯᠢᠶᠡᠭᠴᠢ ᠠᠴᠠ ᠪᠠᠶᠢᠴᠠᠭᠠᠨ ᠰᠢᠯᠭᠠᠬᠤ ᠰᠦᠢᠥᠨᠭᠡᠯ ᠠᠪᠤᠭᠰᠠᠨ ᠪᠠᠶᠢᠪᠠᠯ᠂ ᠲᠡᠭᠡᠷ᠎ᠠ ᠱᠠᠳᠤᠨ ᠤ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠵᠠᠷᠯᠢᠭᠳᠠᠨ ᠪᠤᠴᠠᠭᠠᠯᠭᠠᠨ᠎ᠠ︔ ᠦᠢᠯᠨ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠰᠢᠭᠤᠤᠨ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠠᠵᠢᠯᠳᠠᠨ ᠪᠠ ᠰᠢᠭᠤᠤᠨ ᠬᠠᠷᠢᠭᠤᠴᠠᠯᠭ᠎ᠠ ᠲᠠᠢ ᠪᠤᠰᠤᠤᠨ ᠠᠵᠢᠯᠳᠠᠨ ᠳᠤ ᠬᠠᠥᠯᠢ ᠶᠤᠰᠤᠭᠠᠷ ᠵᠠᠰᠠᠭ ᠵᠠᠬᠢᠷᠭᠠᠨ ᠤ ᠰᠢᠥᠨᠬᠡᠯ ᠦᠭᠬᠦᠨ᠎ᠡ᠃
   

ᠵᠢᠷᠠᠨ ᠲᠤᠯᠤᠳᠤᠭᠠᠷ ᠵᠦᠢᠯ    ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠪᠤᠶᠤ ᠲᠦᠷᠦ ᠶᠢᠨ ᠪᠤᠰᠤᠤᠨ ᠪᠠᠶᠢᠭᠤᠯᠭ᠎ᠠ ᠲᠤᠰ ᠬᠠᠥᠯᠢ ᠶᠢᠨ ᠬᠤᠷᠢᠨ ᠲᠠᠪᠤᠳᠤᠭᠠᠷ ᠵᠦᠢᠯ ᠤᠨ ᠲᠤᠭᠳᠠᠭᠠᠯ ᠢ ᠵᠦᠷᠢᠴᠡᠵᠦ᠂ ᠦᠢᠯᠡᠥᠨᠪᠦᠷᠢᠯᠡᠭᠴᠢ ᠶᠢᠨ ᠦᠢᠯᠡᠥᠨᠬᠦᠨ ᠢ ᠨᠡᠶᠢᠭᠡᠮ ᠳᠤ ᠲᠠᠨᠢᠯᠴᠠᠭᠤᠯᠤᠭᠰᠠᠨ ᠪᠤᠶᠤ ᠬᠢᠨᠠᠨ ᠦᠢᠯᠡᠥᠨᠬᠦ᠂ ᠬᠢᠨᠠᠨ ᠪᠤᠷᠤᠯᠠᠭᠤᠯᠬᠤ ᠵᠡᠷᠭᠡ ᠭᠡᠯᠪᠡᠷᠢ ᠪᠠᠷ ᠦᠢᠯᠡᠥᠨᠬᠦᠨ ᠢ ᠡᠵᠡᠩᠨᠡᠬᠦ ᠠᠵᠢᠯᠯᠠᠭ᠎ᠠ ᠳᠤ ᠤᠷᠤᠯᠴᠠᠭᠰᠠᠨ ᠪᠠᠶᠢᠪᠠᠯ᠂ ᠲᠡᠬᠦᠨ ᠤ ᠲᠡᠭᠡᠷ᠎ᠡ ᠱᠠᠳᠤᠨ ᠤ ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠵᠤ᠂ ᠨᠦᠯᠦᠭᠡ ᠶᠢ ᠨᠢ ᠠᠷᠢᠯᠭᠠᠨ᠎ᠠ᠂ ᠬᠠᠥᠯᠢ ᠶᠢ ᠵᠦᠷᠢᠴᠡᠵᠦ ᠤᠷᠤᠯᠭ᠎ᠠ ᠤᠯᠤᠭᠰᠠᠨ ᠪᠠᠶᠢᠪᠠᠯ ᠬᠤᠷᠢᠶᠠᠵᠤ ᠠᠪᠤᠨ᠎ᠠ︔ ᠦᠢᠯᠨ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠰᠢᠭᠤᠤᠨ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠠᠵᠢᠯᠳᠠᠨ ᠪᠠ ᠰᠢᠭᠤᠤᠨ ᠬᠠᠷᠢᠭᠤᠴᠠᠯᠭ᠎ᠠ ᠲᠠᠢ ᠪᠤᠰᠤᠤᠨ ᠠᠵᠢᠯᠳᠠᠨ ᠳᠤ ᠬᠠᠥᠯᠢ ᠶᠤᠰᠤᠭᠠᠷ ᠵᠠᠰᠠᠭ ᠵᠠᠬᠢᠷᠭᠠᠨ ᠤ ᠰᠢᠥᠨᠭᠡᠯ ᠦᠭᠬᠦᠨ᠎ᠡ᠃

ᠦᠢᠯᠡᠥᠨᠬᠦᠨ ᠤ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠡᠮᠦᠨᠡᠬᠢ ᠪᠠᠳᠠᠭ ᠲᠤ ᠵᠢᠠᠠᠰᠠᠭᠠᠭᠰᠠᠨ ᠠᠵᠢᠯᠯᠠᠭ᠎ᠠ ᠶᠢ ᠬᠢᠭᠰᠡᠨ ᠪᠠᠶᠢᠪᠠᠯ᠂ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠵᠤ᠂ ᠨᠦᠯᠦᠭᠡ ᠶᠢ ᠨᠢ ᠠᠷᠢᠯᠭᠠᠨ᠎ᠠ᠃ ᠬᠠᠥᠯᠢ ᠶᠢ ᠵᠦᠷᠢᠴᠡᠵᠦ ᠤᠷᠤᠯᠭ᠎ᠠ ᠤᠯᠤᠭᠰᠠᠨ ᠪᠠᠶᠢᠪᠠᠯ ᠬᠤᠷᠢᠶᠠᠵᠤ ᠠᠪᠬᠤ ᠪᠦᠭᠡᠥᠨ ᠬᠠᠥᠯᠢ ᠶᠢ ᠵᠦᠷᠢᠴᠡᠵᠦ ᠤᠯᠤᠭᠰᠠᠨ ᠤᠷᠤᠯᠭ᠎ᠠ ᠶᠢᠨ ᠬᠢᠨᠢ ᠨᠢᠭᠡ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠲᠠᠪᠬᠤᠷ ᠰᠢᠥᠨᠭᠡᠵᠦ ᠪᠤᠯᠤᠨ᠎ᠠ︔ ᠦᠢᠯᠨ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠦᠢᠯᠡᠥᠨᠬᠦᠨ ᠤ ᠶᠠᠰᠤ ᠴᠢᠨᠠᠷ ᠢ ᠪᠠᠶᠢᠴᠠᠭᠠᠨ ᠰᠢᠯᠭᠠᠬᠤ ᠭᠢᠷᠢ ᠭᠡᠮ ᠢ ᠨᠢ ᠬᠠᠰᠤᠨ᠎ᠠ᠃

ᠵᠢᠷᠠᠨ ᠨᠠᠢᠮᠠᠳᠤᠭᠠᠷ ᠵᠦᠢᠯ    ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠪᠤᠶᠤ ᠦᠢᠯᠡᠥᠨᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠠᠵᠢᠯᠳᠠᠤᠨ ᠡᠷᠭᠡ ᠲᠤᠰᠢᠶᠠᠯ ᠢᠶᠠᠨ ᠲᠤᠷ᠎ᠠ ᠪᠠᠷ  ᠢᠶᠠᠨ ᠭᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠤᠮᠳᠤᠭᠠᠢᠢᠯᠠᠨ᠂ ᠬᠤᠪᠢ ᠶᠢᠨ ᠨᠠᠶᠢᠷ ᠬᠠᠷᠠᠵᠤ ᠭᠡᠮᠳᠦ ᠭᠡᠷᠡᠭ ᠦᠢᠯᠡᠳᠦᠭᠡᠥᠨ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠥᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ︔ ᠬᠠᠷᠠᠬᠠᠨ ᠶᠠᠯ᠎ᠠ ᠪᠤᠯᠵᠤ ᠪᠦᠷᠢᠯᠳᠦᠭᠰᠡᠨ ᠦᠭᠡᠢ ᠪᠠᠶᠢᠪᠠᠯ᠂ ᠬᠠᠥᠯᠢ ᠶᠤᠰᠤᠭᠠᠷ ᠵᠠᠰᠠᠭ ᠵᠠᠬᠢᠷᠭᠠᠨ ᠤ ᠰᠢᠥᠨᠭᠡᠯ ᠦᠭᠬᠦᠨ᠎ᠡ᠃

ᠵᠢᠷᠨ ᠶᠢᠰᠦᠳᠦᠭᠡᠷ ᠵᠦᠢᠯ    ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠪᠤᠶᠤ ᠦᠢᠯᠡᠥᠨᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠠᠵᠢᠯᠳᠠᠥᠨ ᠤᠨ ᠬᠠᠥᠯᠢ ᠶᠤᠰᠤᠭᠠᠷ ᠲᠤᠰᠢᠶᠠᠯ  ᠢᠶᠠᠨ ᠬᠦᠢᠴᠡᠥᠨᠭᠡᠬᠦ ᠶᠠᠪᠤᠳᠠᠯ ᠢ ᠬᠦᠴᠦᠷᠭᠡᠭᠯᠡᠯ᠂ ᠰᠦᠷᠳᠡᠭᠦᠯᠦᠯ ᠤᠨ ᠠᠷᠭ᠎ᠠ ᠪᠠᠷ ᠬᠠᠷᠰᠢᠯᠠᠭᠰᠠᠨ ᠪᠠᠶᠢᠪᠠᠯ᠂ ᠬᠠᠥᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ︔ ᠲᠡᠪᠴᠢᠬᠦ᠂ ᠬᠠᠷᠰᠢᠯᠠᠬᠤ ᠳᠠᠭᠠᠨ ᠬᠦᠴᠦᠷᠭᠡᠭᠯᠡᠯ᠂ ᠰᠦᠷᠳᠡᠭᠦᠯᠦᠯ ᠤᠨ ᠠᠷᠭ᠎ᠠ ᠭᠡᠷᠡᠭᠯᠡᠭᠰᠡᠨ ᠦᠭᠡᠢ ᠪᠠᠶᠢᠪᠠᠯ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠳᠠ  ᠶᠢᠨ ᠰᠢᠥᠨᠬᠡᠬᠦ ᠲᠦᠷᠢᠮ ᠤᠨ ᠲᠤᠭᠳᠠᠭᠠᠯ ᠶᠤᠰᠤᠭᠠᠷ ᠰᠢᠥᠨᠭᠡᠨ᠎ᠡ᠃

ᠲᠠᠯᠠᠳᠤᠭᠠᠷ ᠵᠦᠢᠯ    ᠲᠤᠰ ᠬᠠᠥᠯᠢ ᠳᠤ ᠲᠤᠭᠳᠠᠭᠠᠭᠰᠠᠨ ᠡᠵᠡᠩᠨᠡᠯᠳᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠬᠤ ᠵᠠᠰᠠᠭ ᠵᠠᠬᠢᠷᠭᠠᠨ ᠤ ᠰᠢᠥᠨᠭᠡᠯ ᠢ ᠦᠢᠯᠡᠥᠨᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠲᠤᠭᠳᠠᠭᠠᠵᠤ᠂ ᠲᠤᠰ ᠬᠠᠥᠯᠢ ᠶᠢᠨ ᠲᠦᠴᠢ ᠶᠢᠰᠦᠳᠦᠭᠡᠷ ᠵᠦᠢᠯ ᠠᠴᠠ ᠲᠠᠪᠢᠨ ᠲᠤᠯᠤᠳᠤᠭᠠᠷ ᠵᠦᠢᠯ᠂ ᠵᠢᠷᠠᠳᠤᠭᠠᠷ ᠵᠦᠢᠯ ᠠᠴᠠ ᠵᠢᠷᠠᠨ ᠭᠤᠷᠪᠠᠳᠤᠭᠠᠷ ᠵᠦᠢᠯ ᠬᠦᠷᠳᠡᠯᠡᠭᠢ ᠵᠦᠢᠯ ᠤᠳ ᠲᠤ ᠲᠤᠭᠳᠠᠭᠠᠭᠰᠠᠨ ᠵᠠᠰᠠᠭ ᠵᠠᠬᠢᠷᠭᠠᠨ ᠤ ᠰᠢᠥᠨᠭᠡᠯ ᠢ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠰᠠᠯᠠᠭ᠎ᠠ ᠮᠦᠴᠢᠷ ᠪᠤᠶᠤ ᠦᠢᠯᠡᠥᠨᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠭᠰᠠᠨ ᠡᠷᠭᠡ ᠲᠤᠰᠢᠶᠠᠯ ᠤᠨ ᠭᠡᠪᠴᠢᠶᠡᠨ ᠲᠤᠳᠤᠷ᠎ᠠ ᠲᠤᠭᠳᠠᠭᠠᠨ᠎ᠠ᠃ ᠬᠠᠥᠯᠢ ᠴᠠᠭᠠᠵᠠ᠂ ᠵᠠᠰᠠᠭ ᠵᠠᠬᠢᠷᠭᠠᠨ ᠤ ᠬᠠᠥᠯᠢ ᠲᠤᠭᠳᠠᠭᠠᠯ ᠳᠤ ᠵᠠᠰᠠᠭ ᠵᠠᠬᠢᠷᠭᠠᠨ ᠤ ᠰᠢᠥᠨᠭᠡᠯ ᠦᠭᠬᠦ ᠡᠷᠭᠡ ᠲᠠᠢ ᠪᠠᠶᠢᠭᠤᠯᠭ᠎ᠠ ᠶᠢᠨ ᠲᠤᠬᠠᠢ ᠠᠰᠳᠠᠭᠠᠨ ᠲᠤᠭᠳᠠᠭᠠᠯ ᠲᠠᠢ ᠪᠤᠯ ᠬᠤᠯᠪᠤᠭᠳᠠᠯ ᠪᠦᠬᠦᠢ ᠬᠠᠥᠯᠢ ᠴᠠᠭᠠᠵᠠ᠂ ᠵᠠᠰᠠᠭ ᠵᠠᠬᠢᠷᠭᠠᠨ ᠤ ᠬᠠᠥᠯᠢ ᠲᠤᠭᠳᠠᠭᠠᠯ ᠤᠨ ᠲᠤᠭᠳᠠᠭᠠᠯ ᠶᠤᠰᠤᠭᠠᠷ ᠬᠦᠢᠴᠡᠥᠨᠭᠡᠨ᠎ᠡ᠃

ᠲᠠᠯᠠᠨ ᠨᠢᠭᠡᠳᠦᠭᠡᠷ ᠵᠦᠢᠯ    ᠲᠤᠰ ᠬᠠᠥᠯᠢ ᠶᠢᠨ ᠲᠤᠭᠳᠠᠭᠠᠯ ᠶᠤᠰᠤᠭᠠᠷ ᠬᠤᠷᠢᠶᠠᠵᠤ ᠠᠪᠤᠭᠰᠠᠨ ᠦᠢᠯᠡᠥᠨᠬᠦᠨ ᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠤᠰᠠᠥᠨᠬᠠᠬᠤ ᠪᠤᠶᠤ ᠪᠤᠰᠤᠤᠨ ᠠᠷᠭ᠎ᠠ ᠪᠠᠷ ᠰᠢᠢᠥᠨᠪᠦᠷᠢᠯᠡᠨ᠎ᠡ᠃

ᠲᠠᠯᠠᠨ ᠬᠤᠶᠠᠳᠤᠭᠠᠷ ᠵᠦᠢᠯ    ᠲᠤᠰ ᠬᠠᠥᠯᠢ ᠶᠢᠨ ᠲᠦᠴᠢ ᠶᠢᠰᠦᠳᠦᠭᠡᠷ ᠵᠦᠢᠯ ᠠᠴᠠ ᠲᠠᠪᠢᠨ ᠲᠦᠷᠪᠡᠳᠦᠭᠡᠷ ᠵᠦᠢᠯ ᠬᠦᠷᠳᠡᠯᠡᠭᠢ ᠵᠦᠢᠯ᠂ ᠵᠢᠷᠠᠨ ᠬᠤᠶᠠᠳᠤᠭᠠᠷ ᠵᠦᠢᠯ᠂ ᠵᠢᠷᠠᠨ ᠭᠤᠷᠪᠠᠳᠤᠭᠠᠷ ᠵᠦᠢᠯ ᠳᠤ ᠲᠤᠭᠳᠠᠭᠠᠭᠰᠠᠨ ᠪᠠᠷᠠᠭᠠᠨ ᠤ ᠦᠨ᠎ᠡ ᠦᠷᠳᠡᠭ ᠢ ᠬᠠᠥᠯᠢ ᠶᠢ ᠵᠦᠷᠢᠴᠡᠨ ᠦᠢᠯᠡᠥᠨᠪᠦᠷᠢᠯᠡᠵᠦ᠂ ᠪᠤᠷᠤᠯᠠᠭᠤᠯᠤᠭᠰᠠᠨ ᠦᠢᠯᠡᠥᠨᠬᠦᠨ ᠤ ᠬᠢᠨᠢ ᠬᠠᠳᠠᠭᠰᠠᠨ ᠦᠨ᠎ᠡ ᠪᠠᠷ ᠲᠤᠭᠠᠴᠠᠯᠠᠨ ᠪᠤᠳᠤᠨ᠎ᠠ ︔ ᠦᠨ᠎ᠡ ᠬᠠᠳᠠᠭᠰᠠᠨ ᠦᠭᠡᠢ ᠪᠤᠯ ᠠᠳᠠᠯᠢ ᠲᠦᠷᠦᠯ ᠤᠨ ᠦᠢᠯᠡᠥᠨᠬᠦᠨ ᠤ ᠵᠠᠬ᠎ᠠ ᠲᠡᠯᠭᠡᠭᠦᠷ ᠤᠨ ᠦᠨ᠎ᠡ ᠪᠠᠷ ᠲᠤᠭᠠᠴᠠᠭᠠᠯᠠᠨ ᠪᠤᠳᠤᠨ᠎ᠠ᠃

      

ᠵᠢᠷᠭᠤᠳᠤᠭᠠᠷ ᠪᠦᠯᠦᠭ            ᠲᠠᠭᠠᠯᠳᠤᠭᠤᠯᠤᠭᠰᠠᠨ ᠲᠦᠷᠢᠮ       

ᠲᠠᠯᠠᠨ ᠭᠤᠷᠪᠠᠳᠤᠭᠠᠷ ᠵᠦᠢᠯ    ᠴᠡᠷᠢᠭ ᠤᠨ ᠠᠵᠤ ᠦᠢᠯᠡᠥᠨᠪᠦᠷᠢ ᠶᠢᠨ ᠦᠢᠯᠡᠥᠨᠬᠦᠨ ᠤ ᠶᠠᠰᠤ ᠴᠢᠨᠠᠷ ᠲᠤ ᠬᠢᠨᠠᠯᠳᠠ ᠲᠠᠯᠪᠢᠵᠤ ᠬᠠᠮᠢᠶᠠᠷᠬᠤ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠡ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠠᠴᠠ ᠠᠰ ᠲᠤᠨᠢ ᠲᠤᠭᠳᠠᠭᠠᠨ᠎ᠠ᠃ ᠴᠦᠮ᠎ᠡ ᠶᠢᠨ ᠲᠦᠬᠦᠭᠡᠷᠦᠮᠵᠢ᠂ ᠴᠦᠮ᠎ᠡ ᠶᠢᠨ ᠦᠢᠯᠡᠥᠨᠬᠦᠨ ᠤ ᠭᠠᠷᠭᠠᠭᠰᠠᠨ ᠬᠤᠬᠢᠷᠠᠯ ᠢ ᠲᠦᠯᠦᠬᠦ ᠬᠠᠷᠢᠭᠤᠴᠠᠯᠭ᠎ᠠ ᠶᠢᠨ ᠲᠤᠬᠠᠢ ᠬᠠᠥᠯᠢ ᠴᠠᠭᠠᠵᠠ᠂ ᠵᠠᠰᠠᠭ ᠵᠠᠬᠢᠷᠭᠠᠨ ᠤ ᠬᠠᠥᠯᠢ ᠲᠤᠭᠳᠠᠭᠠᠯ ᠳᠤ ᠠᠰᠳᠠᠭᠠᠨ ᠲᠤᠭᠳᠠᠭᠠᠯ ᠲᠠᠢ ᠪᠤᠯ ᠲᠡᠷᠨ ᠲᠤᠭᠳᠠᠭᠠᠯ ᠶᠤᠰᠤᠭᠠᠷ ᠬᠦᠢᠴᠡᠥᠨᠭᠡᠨ᠎ᠡ᠃
   

ᠲᠠᠯᠠᠨ ᠲᠦᠷᠪᠡᠳᠦᠭᠡᠷ ᠵᠦᠢᠯ    ᠲᠤᠰ ᠬᠠᠥᠯᠢ ᠶᠢ 1993 ᠤᠨ ᠤ 9 ᠰᠠᠷ᠎ᠠ ᠶᠢᠨ 1 ᠤ ᠡᠳᠦᠷ ᠠᠴᠠ ᠡᠭᠢᠯᠡᠵᠦ ᠭᠡᠷᠡᠭᠵᠢᠬᠦᠯᠦᠨ᠎ᠠ᠃


            
10  2008--2017   
     
           15344117087   




    
   2018-07-19 12:12
   470 
    250 
    
0
  



   
 








     
             
   13847635928   qinggis@163.com
           sorqin@sorqin.com
 ICP   12001629  
    15042102000103  