           
     
  608715
   4464
   2015-12-13
   2019-07-19
  4665
 
 
【      】
 ᠠᠵᠥ ᠠᠬᠤᠢ ᠬᠦᠳᠡᠭᠡ ᠲᠤᠰᠬᠤᠨ ᠢ ᠤᠷᠢᠳ ᠢᠶᠠᠷ ᠬᠦᠭᠵᠢᠬᠦᠯᠬᠦ ᠶᠢ ᠪᠠᠷᠢᠮᠳᠠᠯᠠᠵᠥ ︽ᠬᠦᠳᠡᠭᠡ ᠠᠵᠥ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠢ ᠰᠠᠶᠢᠳᠤᠷ ᠬᠢᠬᠦ ᠲᠤᠬᠠᠢ ᠨᠠᠮ ᠤᠨ ᠲᠦᠪ ᠬᠤᠷᠢᠶ᠎ᠡ ᠲᠦᠷᠦ ᠶᠢᠨ ᠶᠠᠪᠤᠳᠠᠯ ᠤᠨ ᠬᠤᠷᠢᠶᠡᠨ ᠤ ᠰᠠᠨᠠᠯ  ︵ ᠲᠡᠭᠡᠳᠦ ︶
ᠡᠨᠡ ᠵᠢᠯ ᠪᠤᠯᠤᠨ ᠢᠷᠡᠬᠦ ᠵᠢᠯ ᠪᠤᠯ ᠴᠢᠨᠡᠭᠡᠯᠢᠭ ᠨᠡᠶᠢᠬᠡᠮ ᠢ ᠪᠦᠬᠦ ᠲᠡᠯ᠎ᠡ ᠪᠠᠷ ᠪᠡᠶᠡᠯᠡᠬᠦᠯᠬᠦ ᠰᠢᠢᠳᠪᠤᠷᠢᠳᠤ ᠢᠯᠡᠯᠳᠡ ᠶᠢ ᠤᠯᠬᠤ ᠬᠤᠭᠤᠴᠠᠭ᠎ᠠ ᠪᠤᠯᠤᠨ᠎ᠠ᠂ ︽ᠬᠦᠳᠡᠭᠡ ᠠᠵᠥ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠳᠤ ᠴᠦᠬᠡᠨ ᠪᠤᠰᠤ ᠡᠷᠬᠡᠪᠰᠢ ᠪᠡᠶᠡᠯᠡᠬᠦᠯᠬᠦ ᠬᠠᠳᠠᠭᠤ ᠡᠬᠦᠷᠬᠡ ᠪᠠᠶᠢᠨ᠎ᠠ᠃ ᠨᠠᠮ ᠤᠨ ᠲᠦᠪ ᠬᠤᠷᠢᠶᠡᠨ ᠤ ᠦᠵᠡᠬᠦ ᠪᠠᠷ᠂ ᠠᠵᠥ ᠠᠬᠤᠢ ᠶᠢᠨ ᠤᠷᠤᠭᠤᠳᠠᠬᠤ ᠲᠠᠷᠤᠯᠳᠡ ᠨᠡᠮᠡᠭᠳᠡᠵᠥ᠂ ᠭᠠᠳᠠᠭᠠᠳᠤ ᠤᠷᠴᠢᠨ ᠲᠤᠭᠤᠷᠢᠨ ᠳᠤ ᠬᠦᠨᠵᠡᠬᠡᠢ ᠬᠤᠪᠢᠷᠡᠯᠳᠡ ᠭᠠᠷᠴᠦ ᠪᠠᠶᠢᠭ᠎ᠠ ᠪᠤᠳᠤᠯᠢᠶᠠᠨᠳᠠᠢ ᠪᠠᠶᠢᠳᠠᠯ ᠲᠤᠤᠷ᠎ᠡ᠂ ︽ᠬᠦᠳᠡᠭᠡ ᠠᠵᠥ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠢ ᠰᠠᠶᠢᠳᠤᠷ ᠬᠢᠬᠦ ᠨᠢ ᠤᠨᠴᠠᠭᠠᠢ ᠴᠢᠬᠤᠯᠠ ᠪᠠᠶᠢᠲᠠᠭ᠃ ︽ᠬᠦᠳᠡᠭᠡ ᠠᠵᠥ ᠠᠬᠤᠢ ᠬᠦᠳᠡᠭᠡ ᠲᠤᠰᠬᠤᠨ ᠲᠠᠷᠢᠶᠠᠴᠢᠨ︾ ᠪ᠊ ᠠᠰᠠᠭᠤᠲᠠᠯ ᠢ ᠰᠠᠶᠢᠲᠤᠷ ᠰᠢᠢᠳᠪᠦᠷᠢᠯᠡᠬᠦ ᠶᠢ ᠡᠷᠬᠡᠪᠰᠢ ᠪᠦᠬᠦ ᠨᠠᠮ ᠤᠨ ᠠᠵᠢᠯ ᠤᠨ ᠴᠢᠬᠤᠯᠠ ᠠᠴᠠ ᠴᠢᠬᠤᠯᠠ ᠠᠵᠢᠯ ᠪᠤᠯᠭᠠᠨ ᠭᠤᠶᠢᠪᠢᠰᠢ ᠦᠭᠡᠢ ᠪᠠᠷᠢᠮᠳᠠᠯᠠᠵᠥ᠂ ᠦᠵᠡᠯ ᠰᠠᠨᠠᠭ᠎ᠠ ᠪᠠᠨ ᠴᠢᠨᠠᠭᠰᠢᠳᠠ ᠨᠢᠬᠡᠳᠬᠡᠵᠥ᠂ ᠢᠳᠡᠬᠡᠯ ᠢᠶᠠᠨ ᠪᠠᠳᠤᠳᠬᠠᠵᠥ᠂ ᠠᠵᠢᠯ ᠢᠶᠠᠨ ᠨᠠᠶᠢᠳᠠᠪᠤᠷᠢᠵᠢᠭᠤᠯᠵᠥ᠂ ᠬᠦᠳᠡᠭᠡ ᠠᠵᠥ ᠠᠬᠤᠢ ᠬᠦᠳᠡᠭᠡ ᠲᠤᠰᠬᠤᠨ ᠤ ᠰᠠᠶᠢᠨ ᠪᠠᠶᠢᠳᠠᠯ ᠢ ᠪᠠᠬᠢᠵᠢᠬᠦᠯᠥᠨ ᠬᠦᠭᠵᠢᠬᠦᠯᠵᠥ᠂ ︽ᠬᠦᠳᠡᠭᠡ ᠠᠵᠥ ᠠᠬᠤᠢ ᠬᠦᠳᠡᠭᠡ ᠲᠤᠰᠬᠤᠨ ᠲᠠᠷᠢᠶᠠᠴᠢᠨ︾ ᠤ ᠤᠩᠭᠤᠴᠠ ᠲᠠᠷᠤᠬᠤ ᠴᠢᠯᠠᠭᠤ ᠶᠢᠨ ᠦᠢᠯᠡᠳᠦᠯ ᠢ ᠪᠠᠳᠠᠷᠠᠭᠤᠯᠵᠥ᠂ ᠡᠯ᠎ᠡ ᠵᠦᠢᠯ ᠤᠨ ᠠᠶᠤᠯ ᠲᠦᠭᠰᠢᠬᠦᠷᠢ ᠦᠷᠢᠰᠦᠯᠳᠦᠬᠡᠨ ᠢ ᠪᠦᠳᠦᠮᠵᠢᠳᠡᠢ ᠠᠷᠭᠠᠴᠠᠭᠠᠨ ᠰᠠᠨᠠᠭᠠᠴᠢᠯᠠᠭᠠᠳᠤ ᠡᠷᠬᠡ ᠶᠢ ᠤᠯᠬᠤ᠂ ᠠᠵᠥ ᠠᠬᠤᠢ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠪᠡ ᠨᠡᠶᠢᠬᠡᠮ ᠤᠨ ᠶᠡᠭᠡ ᠲᠠᠯ᠎ᠠ ᠶᠢᠨ ᠲᠤᠭᠳᠠᠭᠤᠨ ᠢ ᠦᠨᠡᠨ ᠬᠦ ᠪᠠᠳᠤᠯᠠᠬᠤ᠂ ᠨᠢᠬᠡᠳᠤᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠲᠤᠭᠳᠠᠭᠰᠠᠠ ᠬᠤᠭᠤᠴᠠᠭᠠᠨ ᠳᠤ ᠪᠡᠶᠡᠯᠡᠬᠦᠯᠬᠦ ᠳᠤ ᠰᠠᠭᠤᠷᠢ ᠲᠠᠯᠪᠢᠵᠥ ᠦᠭᠬᠦ ᠬᠡᠷᠡᠭᠳᠡᠢ᠃
    ︽ᠬᠦᠳᠡᠭᠡ ᠠᠵᠥ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠢ ᠰᠠᠶᠢᠳᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠥ᠂ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠪᠤᠯᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠡᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠡᠯ ᠵᠢᠴᠢ ᠲᠦᠪ ᠤᠨ ᠠᠵᠥ ᠠᠬᠤᠢ ᠶᠢᠨ ᠠᠵᠢᠯ ᠤᠨ ᠬᠤᠷᠡᠯ ᠤᠨ ᠵᠤᠷᠢᠭ ᠰᠠᠨᠠᠭ᠎ᠠ ᠶᠢ ᠪᠦᠬᠦ ᠲᠡᠯ᠎ᠡ ᠪᠠᠷ ᠲᠤᠭᠤᠰᠢᠯᠠᠭᠤᠯᠵᠥ᠂ ︽ᠲᠠᠪᠤ ᠶᠢ ᠨᠢᠬᠡ ᠴᠤᠭᠴᠠᠵᠢᠭᠤᠯᠬᠤ︾ ᠶᠡᠷᠤᠩᠬᠡᠢ ᠪᠠᠶᠢᠷᠢᠰᠢᠭᠤᠯᠤᠯᠳᠠ ᠶᠢ ᠨᠢᠬᠡᠳᠤᠯᠳᠡᠢ ᠲᠦᠯᠥᠪᠵᠢᠬᠦᠯᠥᠨ ᠠᠬᠢᠭᠤᠯᠬᠤ ᠪᠠ ︽ᠲᠦᠷᠪᠡᠨ ᠪᠦᠬᠦ ᠲᠡᠯ᠎ᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠬᠤ ᠶᠢᠨ ᠲᠤᠭᠤᠷᠢᠨ ᠳᠤ᠂ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠤᠩᠬᠡᠢ ᠬᠦᠭ ᠠᠶᠠᠰ ᠢ ᠪᠠᠳᠤ ᠡᠵᠡᠮᠳᠡᠵᠥ᠂ ᠴᠢᠨᠠᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠥ᠂ ᠬᠦᠳᠡᠭᠡ ᠠᠵᠥ ᠠᠬᠤᠢ ᠬᠦᠳᠡᠭᠡ ᠲᠤᠰᠬᠤᠨ ᠢ ᠤᠷᠢᠳ ᠢᠶᠠᠷ ᠬᠦᠭᠵᠢᠬᠦᠯᠬᠦ ᠶᠡᠷᠤᠩᠬᠡᠢ ᠴᠢᠭᠯᠡᠯᠳᠡ ᠶᠢ ᠪᠠᠷᠢᠮᠳᠠᠯᠠᠵᠥ᠂ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠪᠠᠷ ᠶᠡᠷᠤᠩᠬᠡᠢ ᠠᠳᠬᠤᠴᠠ ᠪᠤᠯᠭᠠᠵᠥ᠂ ᠴᠢᠨᠡᠭᠡᠯᠢᠭ ᠨᠡᠶᠢᠬᠡᠮ ᠢ ᠪᠦᠬᠦ ᠲᠡᠯ᠎ᠡ ᠪᠠᠷ ᠪᠡᠶᠡᠯᠡᠬᠦᠯᠬᠦ ᠳᠤ ︽ᠬᠦᠳᠡᠭᠡ ᠠᠵᠥ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠤᠨ ᠡᠷᠬᠡᠪᠰᠢ ᠪᠡᠶᠡᠯᠡᠬᠦᠯᠬᠦ ᠬᠠᠳᠠᠭᠤ ᠡᠬᠦᠷᠬᠡ ᠲᠠᠢ ᠬᠠᠷᠢᠴᠠᠭᠤᠯᠵᠥ᠂ ᠤᠯᠤᠰ ᠤᠨ ᠲᠤᠳᠤᠭᠠᠳᠤ ᠭᠠᠳᠠᠭᠠᠳᠤ ᠶᠢᠨ ᠨᠠᠷᠢᠨ ᠪᠤᠳᠤᠯᠢᠶᠡᠨᠳᠡᠢ ᠪᠠᠶᠢᠳᠠᠯ ᠤᠨ ᠬᠤᠪᠢᠷᠡᠯᠳᠡ ᠠᠴᠠ ᠬᠦᠳᠡᠭᠡ ᠲᠤᠰᠬᠤᠨ ᠤ ᠦᠬᠡᠷᠡᠴᠢᠯᠡᠯᠳᠡ ᠬᠦᠭᠵᠢᠯᠳᠡ ᠳᠤ ᠲᠤᠷᠠᠳᠤᠭᠰᠠᠠ ᠰᠢᠨ᠎ᠡ ᠱᠠᠭᠠᠷᠳᠠᠯᠭ᠎ᠠ ᠲᠠᠢ ᠵᠤᠬᠢᠴᠠᠵᠥ᠂ ᠭᠤᠤᠯᠳᠠᠯᠭ᠎ᠠ ᠶᠢ ᠠᠳᠬᠤᠨ᠂ ᠲᠤᠳᠠᠭᠤᠳᠠᠯ ᠢ ᠨᠦᠬᠦᠪᠦᠷᠢᠯᠡᠵᠥ᠂ ᠰᠠᠭᠤᠷᠢ ᠶᠢ ᠬᠦᠴᠦᠷᠬᠡᠭᠵᠢᠬᠦᠯᠵᠥ᠂ ︽ᠪᠠᠬᠢᠵᠢᠬᠦᠯᠬᠦ᠂ ᠴᠢᠩᠭᠠᠷᠠᠭᠤᠯᠬᠤ᠂ ᠲᠡᠭᠡᠭᠰᠢᠯᠡᠬᠦᠯᠬᠦ᠂ ᠰᠢᠯᠤᠭᠤᠳᠬᠠᠬᠤ︾ ᠶᠢᠨ ᠲᠤᠭᠤᠷᠢᠨ ᠳᠤ ᠬᠦᠳᠡᠭᠡ ᠠᠵᠥ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠬᠡᠶᠢᠷᠡᠬᠦᠯᠵᠥ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠡᠯᠳᠡ ᠶᠢ ᠵᠠᠪᠠᠯ ᠤᠯᠵᠥ᠂ ᠬᠦᠳᠡᠭᠡ ᠲᠤᠰᠬᠤᠨ ᠤ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠲᠠᠶᠢᠴᠢᠨ ᠪᠠᠬᠢᠯᠡᠯᠳᠡ ᠶᠢᠨ ᠦᠢᠯᠡᠳᠦᠯ ᠢ ᠬᠦᠢᠴᠡᠳ ᠪᠠᠳᠠᠷᠠᠭᠤᠯᠵᠥ᠂ ᠬᠦᠳᠡᠭᠡ ᠲᠤᠰᠬᠤᠨ ᠤ ᠬᠦᠭᠵᠢᠯ ᠮᠠᠨᠳᠤᠯ ᠢ ᠪᠦᠬᠦ ᠲᠡᠯ᠎ᠡ ᠪᠠᠷ ᠠᠬᠢᠭᠤᠯᠵᠥ᠂ 2020 ᠤᠨ ᠪᠤᠯᠬᠤ ᠳᠤ ᠠᠮᠠᠯᠳᠠᠭᠰᠠᠠ ᠬᠦᠳᠡᠭᠡ ᠲᠤᠰᠬᠤᠨ ᠤ ᠦᠬᠡᠷᠡᠴᠢᠯᠡᠯᠳᠡ ᠬᠦᠭᠵᠢᠯᠳᠡ ᠶᠢᠨ ᠬᠠᠷᠠᠯᠳᠠ ᠡᠬᠦᠷᠬᠡ ᠶᠢ ᠤᠷᠤᠭᠰᠢᠳᠠᠢ ᠪᠡᠶᠡᠯᠡᠬᠦᠯᠬᠦ ᠶᠢ ᠦᠨᠡᠨ ᠬᠦ ᠪᠠᠳᠤᠯᠠᠬᠤ ᠬᠡᠷᠡᠭᠳᠡᠢ᠃
    ᠨᠢᠬᠡ᠂ ᠬᠦᠴᠦᠨ ᠢᠶᠠᠨ ᠲᠦᠪᠯᠡᠷᠡᠬᠦᠯᠥᠨ ᠲᠦᠷᠦ ᠶᠢᠨ ᠪᠤᠳᠤᠯᠭ᠎ᠠ ᠶᠢ ᠤᠨᠤᠪᠴᠢᠳᠠᠢ ᠬᠡᠷᠡᠭᠵᠢᠬᠦᠯᠵᠥ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠰᠢᠢᠳᠪᠤᠷᠢᠳᠤ ᠢᠯᠡᠯᠳᠡ ᠶᠢ ᠤᠯᠤᠨ᠎ᠠ
    ︵ᠨᠢᠬᠡ︶ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠬᠦᠷᠬᠡ ᠶᠢ ᠲᠡᠷᠡ ᠶᠤᠰᠤᠭᠠᠷ ᠨᠢ ᠪᠡᠶᠡᠯᠡᠬᠦᠯᠥᠨ᠎ᠡ᠃ ᠨᠢᠬᠡᠨᠳᠡ ᠲᠤᠭᠳᠠᠭᠰᠠᠠ ᠶᠠᠳᠠᠭᠤ ᠠᠴᠠ ᠠᠩᠬᠢᠵᠢᠷᠠᠭᠤᠯᠬᠤ ᠬᠠᠷᠠᠯᠳᠡ ᠶᠢ ᠴᠢᠩᠭ᠎ᠠ ᠤᠨᠢᠯᠠᠵᠤ᠂ ᠤᠳᠤ ᠶᠢᠨ ᠲᠦᠷᠦ ᠶᠢᠨ ᠪᠤᠳᠤᠯᠭ᠎ᠠ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠵᠥ᠂ 2020 ᠤᠨ ᠪᠤᠯᠬᠤ ᠳᠤ ᠤᠳᠤ ᠶᠢᠨ ᠬᠡᠷᠡᠭᠵᠢᠬᠦᠯᠵᠥ ᠪᠠᠶᠢᠭ᠎ᠠ ᠪᠠᠷᠢᠮᠵᠢᠶ᠎ᠡ ᠪᠠᠷ ᠬᠦᠳᠡᠭᠡ ᠲᠤᠰᠬᠤᠨ ᠤ ᠶᠠᠳᠠᠭᠤ ᠬᠦᠴᠢᠷᠳᠡᠯᠳᠡᠢ ᠬᠦᠮᠥᠨ ᠠᠮᠠ ᠶᠢ ᠶᠠᠳᠠᠭᠤ ᠠᠴᠠ ᠠᠩᠬᠢᠵᠢᠷᠠᠭᠤᠯᠬᠤ᠂ ᠶᠠᠳᠠᠭᠤ ᠬᠦᠴᠢᠷᠳᠡᠯᠳᠡᠢ ᠰᠢᠶᠠᠨ ᠢ ᠪᠦᠷ ᠶᠠᠳᠠᠭᠤ ᠠᠴᠠ ᠠᠩᠬᠢᠵᠢᠷᠠᠭᠤᠯᠬᠤ᠂ ᠤᠷᠤᠨ ᠪᠦᠰᠡ ᠶᠢᠨ ᠴᠢᠨᠠᠷᠳᠠᠢ ᠪᠦᠬᠦᠯᠢ ᠴᠤᠭᠴᠠ ᠶᠢᠨ ᠶᠠᠳᠠᠭᠤ ᠬᠦᠴᠢᠷᠳᠡᠯ ᠢ ᠰᠢᠢᠳᠪᠤᠷᠢᠯᠡᠬᠦ ᠶᠢ ᠦᠨᠡᠨ ᠬᠦ ᠪᠠᠳᠤᠯᠠᠨ᠎ᠠ᠃ ᠤᠳᠤ ᠶᠢᠨ ᠬᠡᠷᠡᠭᠵᠢᠬᠦᠯᠵᠥ ᠪᠠᠶᠢᠭ᠎ᠠ ᠶᠠᠳᠠᠭᠤ ᠶᠢ ᠲᠡᠳᠬᠦᠬᠦ ᠪᠠᠷᠢᠮᠵᠢᠶ᠎ᠠ ᠶᠢ ᠪᠠᠷᠢᠮᠳᠠᠯᠠᠵᠥ᠂ ︽ᠬᠤᠶᠠᠷ ᠲᠤ ᠦᠯᠥ ᠰᠠᠨᠠᠭ᠎ᠠ ᠵᠤᠪᠠᠭ᠋ᠤ ᠭᠤᠷᠪᠠ ᠶᠢ ᠪᠠᠳᠤᠯᠠᠬᠤ︾ ᠶᠢ ᠪᠡᠶᠡᠯᠡᠬᠦᠯᠬᠦ ᠶᠢ ᠨᠦᠯᠥᠬᠡᠯᠡᠵᠥ ᠪᠠᠶᠢᠭ᠎ᠠ ᠲᠤᠪᠤᠶᠢᠮ᠎ᠠ ᠠᠰᠠᠭᠤᠳᠠᠯ ᠢ ᠪᠦᠬᠦ ᠲᠡᠯ᠎ᠡ ᠪᠠᠷ ᠪᠠᠶᠢᠴᠠᠭᠠᠨ ᠰᠢᠢᠳᠪᠤᠷᠢᠯᠡᠵᠥ᠂ ᠰᠤᠬᠤᠷ ᠪᠠᠯᠠᠢ ᠪᠠᠷ ᠪᠠᠷᠢᠮᠵᠢᠶ᠎ᠡ ᠶᠢ ᠲᠡᠭᠡᠭᠰᠢᠯᠡᠬᠦᠯᠬᠦ᠂ ᠬᠡᠮᠵᠢᠶ᠎ᠡ ᠠᠴᠠ ᠪᠠᠨ ᠬᠡᠳᠤᠷᠡᠬᠦᠯᠬᠦ ᠶᠢ ᠰᠡᠷᠬᠡᠶᠢᠯᠡᠵᠥ᠂ ᠲᠤᠭ᠎ᠠ ᠪᠠᠷ ᠶᠠᠳᠠᠭᠤ ᠠᠴᠠ ᠠᠩᠬᠢᠵᠢᠷᠠᠭᠤᠯᠬᠤ᠂ ᠬᠠᠭᠤᠷᠮᠠᠭ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠬᠤᠷᠢᠬᠯᠠᠨ᠎ᠠ᠃ ᠶᠠᠳᠠᠭᠤ ᠠᠴᠠ ᠠᠩᠬᠢᠵᠢᠷᠠᠭᠤᠯᠬᠤ ᠬᠢᠨᠠᠯᠲᠡ ᠪᠠᠶᠢᠴᠠᠭᠠᠯᠲᠠ ᠶᠢ ᠴᠢᠩᠭᠠᠳᠬᠠᠨ᠎ᠠ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠤᠳᠠᠳᠠᠶᠢᠵᠢᠭᠤᠯᠵᠥ᠂ ᠬᠠᠮᠤᠭ ᠤᠨ ᠴᠢᠩᠭ᠎ᠠ ᠬᠢᠨᠠᠨ ᠰᠢᠯᠭᠠᠯᠳᠠ ᠦᠨᠡᠯᠡᠨ ᠵᠢᠱᠢᠯᠳᠠ ᠶᠢ ᠨᠠᠶᠢᠳᠠᠪᠤᠷᠢᠵᠢᠭᠤᠯᠵᠥ᠂ ᠤᠨᠤᠪᠴᠢᠳᠠᠢ ᠪᠠᠷ ᠬᠠᠷᠢᠭᠤᠴᠠᠯᠭ᠎ᠠ ᠨᠡᠬᠡᠮᠵᠢᠯᠡᠵᠥ ᠠᠮᠵᠢᠯᠳᠠ ᠪᠦᠳᠦᠮᠵᠢ ᠨᠡᠬᠡᠮᠵᠢᠯᠡᠨ᠎ᠡ᠃ ᠵᠡᠬᠦᠨ ᠪᠠᠷᠠᠭᠤᠨ ᠤᠷᠤᠨ ᠤ ᠶᠠᠳᠠᠭᠤ ᠶᠢ ᠲᠡᠳᠬᠦᠬᠦ ᠬᠠᠮᠵᠢᠯᠴᠠᠭ᠎ᠠ ᠪᠤᠯᠤᠨ ᠲᠦᠪ ᠤᠨ ᠨᠢᠬᠡᠴᠢ ᠶᠢᠨ ᠴᠡᠭ ᠲᠤᠭᠳᠠᠨ ᠶᠠᠳᠠᠭᠤ ᠶᠢ ᠲᠡᠳᠬᠦᠬᠦ ᠶᠢ ᠦᠷᠬᠦᠯᠵᠢᠯᠡᠨ ᠴᠢᠩᠭᠠᠳᠬᠠᠨ᠎ᠠ᠃ ᠨᠠᠮ ᠤᠨ ᠪᠠᠶᠢᠭᠤᠯᠤᠯᠳᠠ ᠶᠢ ᠠᠳᠬᠤᠵᠥ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠠᠬᠢᠭᠤᠯᠬᠤ ᠶᠢ ᠬᠦᠨᠵᠡᠬᠡᠢ ᠠᠬᠢᠭᠤᠯᠤᠨ᠎ᠠ᠃ ᠪᠠᠶᠢᠩᠭᠤᠵᠢᠭᠰᠠᠠ ᠪᠤᠯᠵᠤᠨ ᠶᠠᠷᠢᠯᠴᠠᠬᠤ ᠶᠢ ᠵᠤᠬᠢᠶᠠᠨ ᠪᠠᠶᠢᠭᠤᠯᠤᠨ ᠦᠷᠨᠢᠬᠦᠯᠵᠥ᠂ ᠠᠰᠠᠭᠤᠳᠠᠯ ᠢ ᠤᠯᠵᠥ ᠮᠡᠳᠡᠪᠡᠯ ᠲᠡᠷᠡ ᠲᠠᠷᠤᠢ ᠳᠤᠨᠢ ᠪᠤᠯᠵᠤᠨ ᠶᠠᠷᠢᠯᠴᠠᠨ᠎ᠠ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠤᠭᠤᠷᠢᠨ ᠪᠠᠶᠢᠴᠠᠭᠠᠯᠳᠠ ᠶᠢᠨ ᠦᠷ᠎ᠡ ᠪᠦᠳᠦᠬᠡᠯ ᠢ ᠰᠠᠶᠢᠳᠤᠷ ᠬᠡᠷᠡᠭᠯᠡᠵᠥ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃
    ︵ᠬᠤᠶᠠᠷ︶ ᠤᠨᠴᠠ ᠶᠠᠳᠠᠭᠤ ᠬᠦᠴᠢᠷᠳᠡᠯᠳᠡᠢ ᠭᠠᠵᠠᠷ ᠤᠷᠤᠨ ᠢ ᠭᠤᠤᠯᠯᠠᠨ ᠠᠳᠬᠤᠵᠤ ᠭᠤᠤᠯᠲᠠᠯᠭ᠎ᠠ ᠲᠠᠢ ᠪᠠᠷ ᠰᠢᠪᠲᠤᠯᠤᠯᠲᠠ ᠬᠢᠨ᠎ᠡ᠃ ᠤᠨᠴᠠ ᠶᠠᠳᠠᠭᠤ ᠬᠦᠴᠢᠷᠳᠡᠯᠳᠡᠢ ᠭᠠᠵᠠᠷ ᠤᠷᠤᠨ ᠤ ᠤᠨᠢᠨ ᠲᠡᠬᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠶᠢ ᠬᠦᠯᠢᠶᠡᠰᠦᠯᠡᠵᠥ ᠪᠠᠶᠢᠭ᠎ᠠ ᠭᠤᠤᠯᠳᠠᠯᠭ᠎ᠠ ᠲᠠᠢ ᠬᠦᠴᠢᠷᠳᠡᠯᠳᠡᠢ ᠠᠰᠠᠭᠤᠳᠠᠯ ᠢ ᠡᠷᠢᠨ ᠤᠯᠵᠥ᠂ ᠨᠠᠷᠢᠨ ᠲᠠᠩᠰᠠ ᠭᠠᠷᠭᠠᠵᠥ᠂ ᠲᠦᠷᠦᠯ ᠵᠦᠢᠯ ᠲᠠᠷᠠᠭᠠᠯᠠᠨ ᠬᠠᠷᠢᠭᠤᠴᠠᠯᠭ᠎ᠠ ᠶᠢ ᠲᠤᠳᠤᠷᠬᠠᠢᠢᠯᠠᠵᠥ᠂ ᠲᠠᠩᠰᠠ ᠬᠠᠷᠭᠤᠭᠤᠯᠤᠨ ᠳ᠋ᠤᠭᠠᠷ ᠢ ᠬᠠᠰᠤᠨ᠎ᠠ᠃ ᠴᠢᠬᠤᠯᠠ ᠶᠡᠭᠡ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠢ ᠦᠷᠬᠦᠯᠵᠢᠯᠡᠨ ᠤᠨᠴᠠ ᠶᠠᠳᠠᠭᠤ ᠬᠦᠴᠢᠷᠳᠡᠯᠳᠡᠢ ᠭᠠᠵᠠᠷ ᠤᠷᠤᠨ ᠳᠤ ᠬᠡᠯᠪᠠᠶᠢᠯᠬᠡᠵᠥ᠂ ᠤᠨᠴᠠᠯᠢᠬᠳᠤ ᠠᠵᠥ ᠦᠢᠯᠡᠰ ᠢᠶᠠᠷ ᠶᠠᠳᠠᠭᠤ ᠶᠢ ᠲᠡᠳᠬᠦᠬᠦ᠂ ᠤᠨᠳᠤᠤ ᠭᠠᠵᠠᠷ ᠰᠢᠯᠵᠢᠬᠦᠯᠥᠨ ᠶᠠᠳᠠᠭᠤ ᠶᠢ ᠲᠡᠳᠬᠦᠬᠦ᠂ ᠠᠮᠢ ᠠᠬᠤᠢ ᠪᠠᠷ ᠶᠠᠳᠠᠭᠤ ᠶᠢ ᠲᠡᠳᠬᠦᠬᠦ᠂ ᠮᠥᠩᠬᠦᠨ ᠬᠦᠢᠯᠬᠡᠬᠡ ᠪᠠᠷ ᠶᠠᠳᠠᠭᠤ ᠶᠢ ᠲᠡᠳᠬᠦᠬᠦ᠂ ᠨᠡᠶᠢᠬᠡᠮ ᠤᠨ ᠬᠢᠨ ᠬᠠᠪᠰᠤᠷᠤᠨ ᠲᠡᠳᠬᠦᠬᠦ᠂ ᠺᠠᠳ᠋ᠷ ᠴᠢᠳᠠᠪᠤᠷᠢᠳᠡᠨ ᠵᠡᠷᠬᠡ ᠶᠢᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠤᠨᠴᠠ ᠶᠠᠳᠠᠭᠤ ᠬᠦᠴᠢᠷᠳᠡᠯᠳᠡᠢ ᠭᠠᠵᠠᠷ ᠤᠷᠤᠨ ᠳᠤ ᠬᠡᠯᠪᠠᠶᠢᠯᠬᠡᠨ᠎ᠠ᠃ ᠡᠯ᠎ᠡ ᠱᠠᠳᠤᠨ ᠤ ᠡᠳ᠋ ᠤᠨ ᠵᠠᠰᠠᠭ ᠤᠨ ᠬᠢᠨ ︽ᠭᠤᠷᠪᠠᠨ ᠤᠷᠤᠨ ᠭᠤᠷᠪᠠᠨ ᠵᠸᠥ︾ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠡᠯᠡ ᠮᠥᠩᠬᠦ ᠶᠢᠨ ᠤᠷᠤᠭᠤᠯᠤᠯᠳᠠ ᠶᠢ ᠤᠷᠢᠳᠡᠪᠡᠷ ᠴᠢᠩᠭᠠᠷᠠᠭᠤᠯᠤᠨ᠎ᠠ᠃ ︽ᠭᠤᠷᠪᠠᠨ ᠤᠷᠤᠨ ᠭᠤᠷᠪᠠᠨ ᠵᠸᠥ︾ ᠠᠴᠠ ᠭᠠᠳᠠᠨᠠᠬᠢ ᠶᠠᠳᠠᠭᠤ ᠬᠦᠴᠢᠷᠳᠡᠯᠳᠡᠢ ᠬᠦᠮᠥᠨ ᠠᠮᠠ ᠤᠯᠠᠨ᠂ ᠶᠠᠳᠠᠭᠤ ᠬᠦᠴᠢᠷᠳᠡᠯ ᠤᠨ ᠡᠬᠦᠰᠬᠦ ᠨᠤᠷᠮ᠎ᠡ ᠦᠨᠳᠤᠷ᠂ ᠶᠠᠳᠠᠭᠤ ᠠᠴᠠ ᠠᠩᠬᠢᠵᠢᠷᠠᠭᠤᠯᠬᠤ ᠬᠦᠴᠢᠷᠲᠡᠯ ᠶᠡᠭᠡ ᠤᠨᠴᠠ ᠶᠠᠳᠠᠭᠤ ᠬᠦᠴᠢᠷᠳᠡᠯᠳᠡᠢ ᠭᠠᠵᠠᠷ ᠤᠷᠤᠨ ᠳᠤ ᠴᠦ ᠪᠡᠯᠡ ᠮᠥᠩᠬᠦ ᠲᠦᠷᠦᠯ ᠵᠦᠢᠯ ᠢ ᠨᠢᠬᠡᠳᠤᠯᠳᠡᠢ ᠲᠦᠯᠥᠪᠵᠢᠬᠦᠯᠵᠥ᠂ ᠲᠡᠳᠬᠦᠬᠦ ᠡᠷᠴᠢᠮ ᠢᠶᠠᠨ ᠴᠢᠩᠭᠠᠷᠠᠭᠤᠯᠤᠨ᠎ᠠ᠃
    ︵ᠭᠤᠷᠪᠠ︶ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠡ᠃ ᠤᠷᠳᠤ ᠬᠤᠭᠤᠴᠠᠭ᠎ᠠ ᠪᠦᠳᠦᠮᠵᠢᠳᠡᠢ ᠪᠠᠷ ᠶᠠᠳᠠᠭᠤ ᠶᠢ ᠲᠡᠳᠬᠦᠬᠦ ᠠᠵᠥ ᠦᠢᠯᠡᠰ ᠢ ᠬᠦᠭᠵᠢᠬᠦᠯᠬᠦ ᠶᠢ ᠠᠩᠬᠠᠷᠴᠦ᠂ ᠦᠢᠯᠡᠳᠪᠤᠷᠢᠯᠡᠯ ᠪᠤᠷᠤᠯᠠᠭᠤᠯᠭ᠎ᠠ ᠰᠠᠯᠤᠩᠬᠢᠷᠠᠭᠰᠠᠠ᠂ ᠠᠶᠤᠯ ᠲᠦᠭᠰᠢᠬᠦᠷᠢ ᠶᠢ ᠰᠡᠷᠭᠡᠶᠢᠯᠡᠬᠦ ᠪᠠᠳᠤᠯᠠᠭ᠎ᠠ ᠬᠦᠷᠦᠯᠴᠡᠬᠦ ᠦᠭᠡᠢ ᠪᠠᠶᠢᠬᠤ ᠵᠡᠷᠬᠡ ᠠᠰᠠᠭᠤᠳᠠᠯ ᠢ ᠬᠦᠴᠦᠯᠡᠨ ᠰᠢᠢᠳᠪᠤᠷᠢᠯᠡᠵᠥ᠂ ᠶᠠᠳᠠᠭᠤ ᠬᠦᠴᠢᠷᠳᠡᠯᠳᠡᠢ ᠬᠦᠮᠥᠨ ᠠᠮᠠ ᠶᠢᠨ ᠤᠷᠤᠯᠴᠠᠬᠤ ᠬᠡᠮᠵᠢᠶ᠎ᠡ ᠪᠤᠯᠤᠨ ᠰᠢᠭᠤᠳ ᠠᠰᠢᠬ ᠬᠦᠷᠳᠡᠬᠦ ᠲᠦᠪᠰᠢᠨ ᠢ ᠲᠡᠭᠡᠭᠰᠢᠯᠡᠬᠦᠯᠥᠨ᠎ᠡ᠃ ᠤᠨᠳᠤᠤ ᠭᠠᠵᠠᠷ ᠰᠢᠯᠵᠢᠬᠦᠯᠵᠥ ᠶᠠᠳᠠᠭᠤ ᠶᠢ ᠲᠡᠳᠬᠦᠭᠰᠡᠡ ᠤ ᠲᠠᠷᠠᠭᠠᠬᠢ ᠠᠵᠢᠯ ᠤᠨ ᠠᠷᠭ᠎ᠠ ᠬᠡᠮᠵᠢᠶ᠎ᠡ ᠶᠢ ᠴᠢᠩᠭᠠᠷᠠᠭᠤᠯᠵᠥ᠂ ᠨᠡᠬᠦᠯᠬᠡᠬᠦ ᠶᠢ ᠴᠢᠬᠤᠯᠠᠴᠢᠯᠠᠭᠠᠳ ᠲᠠᠷᠠᠭᠠᠬᠢ ᠬᠠᠪᠰᠤᠷᠤᠨ ᠲᠡᠳᠬᠦᠬᠦ ᠶᠢ ᠬᠦᠩᠬᠡᠪᠴᠢᠯᠡᠬᠦ ᠠᠰᠠᠭᠤᠳᠠᠯ ᠢ ᠬᠦᠴᠦᠯᠡᠨ ᠰᠢᠢᠳᠪᠤᠷᠢᠯᠡᠵᠥ᠂ ᠨᠢᠬᠡ ᠡᠷᠦᠬᠡ ᠶᠢ ᠨᠡᠬᠦᠯᠬᠡᠪᠡᠯ᠂ ᠨᠢᠬᠡ ᠡᠷᠦᠬᠡ ᠶᠢ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠦᠨᠡᠨ ᠬᠦ ᠪᠠᠳᠤᠯᠠᠨ᠎ᠠ᠃ ᠶᠠᠳᠠᠭᠤ ᠬᠦᠴᠢᠷᠳᠡᠯᠳᠡᠢ ᠭᠠᠵᠠᠷ ᠤᠷᠤᠨ ᠤ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠰᠤᠷᠤᠯᠭ᠎ᠠ ᠪᠠᠨ ᠲᠤᠷᠭᠤᠨ ᠵᠤᠭᠰᠤᠬᠤ ᠶᠢ ᠬᠤᠷᠢᠬᠯᠠᠵᠥ ᠰᠤᠷᠤᠯᠭ᠎ᠠ ᠠᠯᠳᠠᠬᠤ ᠦᠬᠡᠢ ᠪᠠᠶᠢᠬᠤ ᠶᠢ ᠪᠠᠳᠤᠯᠠᠬᠤ ᠶᠢ ᠴᠢᠩᠭᠠᠳᠬᠠᠵᠥ᠂ ᠶᠠᠳᠠᠭᠤ ᠬᠦᠴᠢᠷᠳᠡᠯᠳᠡᠢ ᠠᠴᠠ ᠪᠤᠯᠵᠥ ᠰᠤᠷᠤᠯᠭ᠎ᠠ ᠠᠯᠳᠠᠬᠤ ᠰᠤᠷᠤᠯᠭ᠎ᠠ ᠪᠠᠨ ᠲᠤᠷᠭᠤᠨ ᠵᠤᠬᠰᠤᠬᠤ ᠪᠠᠶᠢᠲᠠᠯ ᠭᠠᠷᠬᠤ ᠶᠢ ᠰᠡᠷᠭᠡᠶᠢᠯᠡᠨ᠎ᠡ᠃ ᠦᠨᠳᠦᠰᠦᠨ ᠡᠮ ᠡᠮᠨᠡᠯᠬᠡ ᠶᠢᠨ ᠲᠠᠭᠠᠳᠬᠠᠯ᠂ ᠬᠦᠨᠳᠤ ᠡᠪᠡᠳᠴᠢᠨ ᠤ ᠲᠠᠭᠠᠳᠬᠠᠯ᠂ ᠡᠮ ᠡᠮᠨᠡᠯᠬᠡ ᠶᠢᠨ ᠠᠪᠤᠷᠠᠨ ᠲᠤᠰᠠᠯᠠᠯᠳᠡ ᠵᠡᠷᠬᠡ ᠤᠯᠠᠨ ᠵᠦᠢᠯ ᠤᠨ ᠪᠠᠳᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠥ᠂ ᠰᠢᠶᠠᠩ ᠲᠤᠰᠬᠤᠨ ᠤ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠤᠤᠷ ᠢ ᠪᠠᠬᠢᠯᠡᠵᠥ᠂ ᠶᠠᠳᠠᠭᠤ ᠬᠦᠴᠢᠷᠳᠡᠯᠳᠡᠢ ᠬᠦᠮᠥᠨ ᠠᠮᠠ ᠶᠢᠨ ᠦᠨᠳᠦᠰᠦᠨ ᠡᠮ ᠡᠮᠨᠡᠯᠬᠡ ᠶᠢᠨ ᠬᠡᠷᠡᠭᠴᠡᠭᠡ ᠶᠢ ᠪᠠᠳᠤᠯᠠᠨ᠎ᠠ᠃ ᠠᠮᠢ ᠠᠬᠤᠢ ᠪᠠᠷ ᠶᠠᠳᠠᠭᠤ ᠶᠢ ᠲᠡᠳᠬᠦᠬᠦ ᠶᠢ ᠯᠠᠪᠳᠠᠭᠤᠨ ᠢᠶᠠᠷ ᠠᠬᠢᠭᠤᠯᠵᠥ᠂ ᠶᠠᠳᠠᠭᠤ ᠶᠢ ᠲᠡᠳᠬᠦᠨ ᠨᠡᠬᠡᠬᠡᠨ ᠬᠦᠭᠵᠢᠬᠦᠯᠬᠦ ᠪᠠ ᠠᠮᠢ ᠠᠬᠤᠢ ᠶᠢᠨ ᠬᠠᠮᠠᠭᠠᠯᠠᠯᠳᠠ ᠶᠢ ᠵᠤᠬᠢᠴᠠᠩᠭᠤᠢ ᠪᠤᠯᠭᠠᠬᠤ ᠶᠢ ᠠᠬᠢᠭᠤᠯᠤᠨ᠎ᠠ᠃ ᠶᠠᠳᠠᠭᠤ ᠶᠢ ᠳᠡᠳᠬᠦᠬᠦ ᠶᠢ ᠡᠷᠴᠢ ᠵᠤᠷᠢᠬ ᠢ ᠨᠢ ᠳᠡᠳᠬᠦᠬᠦ ᠤᠶᠤᠨ ᠢ ᠨᠢ ᠳᠡᠳᠬᠦᠬᠦ ᠯᠦᠭᠡ ᠤᠶᠠᠯᠳᠤᠭᠤᠯᠬᠤ ᠶᠢ ᠪᠠᠷᠢᠮᠳᠠᠯᠠᠵᠥ᠂ ᠶᠠᠳᠠᠭᠤ ᠬᠦᠴᠢᠷᠳᠡᠯᠳᠡᠢ ᠭᠠᠵᠠᠷ ᠤᠷᠤᠨ ᠤ ᠠᠵᠢᠯ ᠮᠡᠷᠬᠡᠵᠢᠯ ᠤᠨ ᠰᠤᠷᠭᠠᠨ ᠬᠦᠮᠦᠵᠢᠯ ᠪᠤᠯᠤᠨ ᠤᠷ᠎ᠠ ᠴᠢᠳᠠᠪᠤᠷᠢ ᠶᠢᠨ ᠪᠤᠯᠪᠠᠰᠤᠷᠠᠯ ᠢ ᠴᠢᠩᠭᠠᠳᠬᠠᠵᠦ᠂ ᠨᠡᠬᠡᠬᠡᠨ ᠬᠦᠭᠵᠢᠬᠦᠯᠬᠦ ᠮᠠᠶ᠋ᠢᠬ ᠤᠨ ᠶᠠᠳᠠᠭᠤ ᠶᠢ ᠳᠡᠳᠬᠦᠬᠦ ᠬᠢᠭᠡᠳ ᠪᠠᠳᠤᠯᠠᠭ᠎ᠠ ᠶᠢᠨ ᠴᠢᠨᠠᠷᠳᠠᠢ ᠶᠠᠳᠠᠭᠤ ᠶᠢ ᠳᠡᠳᠬᠦᠬᠦ ᠶᠢ ᠨᠢᠬᠡᠳᠦᠯᠳᠡᠢ ᠳᠦᠯᠦᠪᠵᠢᠬᠦᠯᠦᠨ ᠵᠤᠯᠭᠠᠯᠴᠠᠭᠤᠯᠬᠤ ᠶᠢ ᠴᠢᠩᠭᠠᠳᠬᠠᠵᠦ᠂ ︽ᠨᠢᠬᠡ ᠯᠡ ᠤᠳᠠᠭ᠎ᠠ ᠲᠡᠳᠭᠦᠭᠡᠳ ᠪᠠᠷᠠᠭᠠᠬᠤ︾ ᠪᠠ ᠬᠡᠰᠡᠭ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠦᠯᠢᠶᠡᠬᠦ ᠲᠦᠰᠢᠬᠦ ᠵᠠᠷᠬᠡ ᠠᠰᠠᠭᠤᠳᠠᠯ ᠢ ᠬᠦᠴᠦᠯᠡᠨ ᠰᠢᠢᠳᠪᠤᠷᠢᠯᠡᠵᠦ᠂ ᠶᠠᠳᠠᠭᠤ ᠬᠦᠴᠢᠷᠳᠡᠯᠳᠡᠢ ᠤᠯᠠᠨ ᠳᠦᠮᠡᠨ ᠤ ᠳᠤᠳᠤᠭᠠᠳᠤ ᠬᠦᠳᠡᠯᠬᠡᠬᠦ ᠬᠦᠴᠦᠨ ᠪᠤᠯᠤᠨ ᠦᠪᠡᠷ ᠢ ᠪᠠᠨ ᠬᠦᠭᠵᠢᠬᠦᠯᠬᠦ ᠴᠢᠳᠠᠪᠤᠷᠢ ᠶᠢ ᠨᠢ ᠴᠢᠩᠭᠠᠳᠬᠠᠨ᠎ᠠ᠃ ᠨᠢᠬᠡᠳᠦᠬᠡᠷ ᠹᠷᠤᠨᠲ ᠤᠨ ᠤᠨᠢᠨ ᠳᠡᠬᠡᠷ᠎ᠠ ᠨᠢ ᠬᠠᠪᠰᠤᠷᠤᠨ ᠳᠡᠳᠬᠦᠬᠦ ᠬᠦᠴᠦᠨ ᠢ ᠦᠨᠡᠨ ᠬᠦ ᠴᠢᠩᠭᠠᠳᠬᠠᠵᠦ᠂ ᠰᠢᠯᠢᠳᠡᠭ ᠰᠠᠶᠢᠨ ᠢ ᠰᠤᠩᠭᠤᠵᠦ ᠪᠠᠶᠢᠭᠠᠳ ᠳᠤᠰᠬᠤᠨ ᠳᠤ ᠰᠠᠭᠤᠬᠤ ᠠᠵᠢᠯᠯᠠᠬᠤ ᠡᠩᠨᠡᠭᠡ ᠶᠢ ᠴᠢᠩᠭᠠᠳᠬᠠᠨ᠎ᠠ᠃ ᠶᠠᠳᠠᠭᠤ ᠶᠢ ᠳᠡᠳᠬᠦᠬᠦ ᠺᠠᠳ᠋ᠷ ᠢ ᠬᠠᠯᠠᠮᠵᠢᠯᠠᠨ ᠬᠠᠶᠢᠷᠠᠯᠠᠵᠦ᠂ ᠠᠵᠢᠯ ᠳᠤᠨᠢ ᠳᠡᠮᠵᠢᠯᠬᠡ ᠦᠵᠡᠬᠦᠯᠬᠦ ᠡᠷᠴᠢᠮ ᠢ ᠴᠢᠩᠭᠠᠳᠬᠠᠵᠦ᠂ ᠪᠤᠳᠠᠳᠠᠢ ᠬᠦᠴᠢᠷᠳᠡᠯ ᠢ ᠨᠢ ᠬᠠᠪᠰᠤᠷᠤᠨ ᠰᠢᠢᠳᠪᠤᠷᠢᠯᠡᠵᠦ ᠦᠭᠴᠤ᠂ ᠬᠤᠶᠢᠰᠢᠳᠡ ᠶᠢᠨ ᠵᠤᠪᠠᠨᠢᠯ ᠢ ᠨᠢ ᠠᠷᠢᠯᠭᠠᠬᠤ ᠬᠡᠷᠡᠭᠳᠡᠢ᠃ ᠶᠠᠳᠠᠭᠤ ᠶᠢ ᠳᠡᠳᠬᠦᠬᠦ ᠬᠦᠷᠢᠶ᠎ᠡ ᠴᠠᠷᠠᠭ᠎ᠠ ᠢᠯᠵᠠᠷᠠᠯ ᠪᠤᠯᠤᠨ ᠰᠤᠷᠳᠠᠯ ᠤᠨ ᠠᠰᠠᠭᠤᠳᠠᠯ ᠤᠳ ᠢ ᠳᠤᠰᠬᠠᠢ ᠳᠦᠷᠦᠯ ᠢᠶᠠᠷ ᠵᠠᠰᠠᠬᠤ ᠠᠵᠢᠯ ᠢ ᠦᠷᠬᠦᠯᠵᠢᠯᠡᠨ ᠦᠷᠨᠢᠬᠦᠯᠵᠦ᠂ ᠬᠤᠳᠠᠯ ᠢᠶᠠᠷ ᠮᠡᠳᠡᠬᠦᠯᠦᠨ ᠬᠠᠭᠤᠷᠮᠠᠬᠯᠠᠨ ᠠᠪᠬᠤ᠂ ᠱᠠᠮᠰᠢᠬᠤ ᠡᠵᠡᠯᠡᠬᠦ ᠨᠡᠭᠦᠯᠭᠡᠨ ᠬᠡᠷᠡᠭᠯᠡᠬᠦ ᠪᠡ ᠳᠦᠷᠦᠯ ᠰᠠᠳᠤᠨ ᠨᠠᠶᠢᠵᠢ ᠨᠦᠬᠦᠳ ᠢᠶᠠᠨ ᠤᠨᠴᠠᠯᠠᠨ ᠬᠠᠷᠠᠭᠠᠯᠵᠠᠬᠤ᠂ ᠢᠳᠡᠬᠦ ᠳᠦᠪᠡᠭᠳᠡᠬᠦᠯᠬᠦ ᠭᠠᠴᠢᠬᠤ ᠠᠪᠬᠤ ᠵᠡᠷᠬᠡ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠤᠷᠢᠯᠡᠨ᠎ᠠ᠃
    ︵ᠳᠦᠷᠪᠡ︶ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠷ᠎ᠠ ᠪᠦᠳᠦᠮᠵᠢ ᠶᠢ ᠪᠠᠬᠢᠵᠢᠬᠦᠯᠵᠦ ᠦᠷᠬᠡᠳᠬᠡᠨ᠎ᠠ᠃ ᠪᠤᠭᠤᠮᠳᠠ ᠰᠢᠪᠳᠤᠯᠬᠤ ᠬᠤᠭᠤᠴᠠᠭᠠᠨ ᠳᠠᠬᠢ ᠶᠠᠳᠠᠭᠤ ᠬᠦᠴᠢᠷᠳᠡᠯᠳᠡᠢ ᠰᠢᠶᠠᠨ᠂ ᠶᠠᠳᠠᠭᠤ ᠬᠦᠴᠢᠷᠳᠡᠯᠳᠡᠢ ᠳᠤᠰᠬᠤᠨ᠂ ᠶᠠᠳᠠᠭᠤ ᠬᠦᠴᠢᠷᠳᠡᠯᠳᠡᠢ ᠬᠦᠮᠦᠨ ᠠᠮᠠ ᠶᠠᠳᠠᠭᠤ ᠠᠴᠠ ᠠᠩᠬᠢᠵᠢᠷᠠᠬᠰᠠᠨ ᠤ ᠳᠠᠷᠠᠭ᠎ᠠ᠂ ᠶᠠᠳᠠᠭᠤ ᠶᠢ ᠳᠡᠳᠬᠦᠬᠦ ᠬᠠᠮᠢᠶ᠎ᠠ ᠪᠦᠬᠦᠢ ᠳᠦᠷᠦ ᠶᠢᠨ ᠪᠤᠳᠤᠯᠭ᠎ᠠ ᠶᠢᠨ ᠳᠤᠬᠳᠠᠭᠤᠨ ᠪᠠᠶᠢᠬᠤ ᠶᠢ ᠪᠠᠳᠤᠯᠠᠵᠦ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠲᠠᠬᠢᠭᠠᠳ ᠶᠠᠳᠠᠭᠤᠷᠠᠬᠤ ᠶᠢ ᠪᠠᠭᠠᠰᠬᠠᠬᠤ ᠪᠠ ᠰᠡᠷᠬᠡᠶᠢᠯᠡᠬᠦ ᠬᠡᠷᠡᠭᠳᠡᠢ᠃ ᠤᠷᠤᠯᠭ᠎ᠠ ᠶᠢᠨ ᠬᠢᠷᠢ ᠳᠦᠪᠰᠢᠨ ᠨᠢ ᠳᠠᠩᠰᠠᠯᠠᠨ ᠺᠠᠷᠲᠯᠠᠬᠰᠠᠨ ᠶᠠᠳᠠᠭᠤ ᠬᠦᠴᠢᠷᠳᠡᠯᠳᠡᠢ ᠡᠷᠦᠬᠡ ᠠᠴᠠ ᠵᠢᠭᠠᠬᠠᠨ ᠳᠡᠬᠡᠬᠦᠷ ᠪᠠᠶᠢᠭ᠎ᠠ ᠤᠯᠠᠨ ᠳᠦᠮᠡᠨ ᠤ ᠳᠦᠷᠦ ᠶᠢᠨ ᠪᠤᠳᠤᠯᠭ᠎ᠠ ᠶᠢ ᠬᠦᠷᠦᠯᠴᠡᠬᠦ᠋ᠢᠴᠡ ᠬᠦᠷᠳᠡᠵᠦ ᠳᠡᠶᠢᠯᠬᠦ ᠦᠬᠡᠢ ᠪᠠᠶᠢᠭ᠎ᠠ ᠵᠡᠷᠬᠡ ᠰᠢᠨ᠎ᠠ ᠠᠰᠠᠭᠤᠳᠠᠯ ᠤᠳ ᠢ ᠰᠤᠳᠤᠯᠤᠨ ᠰᠢᠢᠳᠪᠤᠷᠢᠯᠡᠨ᠎ᠠ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠳᠠᠬᠢ ᠰᠠᠶᠢᠨ ᠳᠤᠷᠰᠢᠯᠭ᠎ᠠ ᠰᠠᠶᠢᠨ ᠬᠢᠳᠡᠯ ᠰᠠᠶᠢᠨ ᠵᠠᠮ ᠢ ᠪᠠᠷᠢᠮᠳᠠᠯᠠᠨ ᠳᠡᠯᠬᠡᠷᠡᠬᠦᠯᠦᠨ᠎ᠠ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠯᠤᠭ᠎ᠠ ᠵᠤᠯᠭᠠᠯᠴᠠᠭᠤᠯᠬᠤ ᠠᠵᠢᠯ ᠢ ᠰᠠᠶᠢᠳᠤᠷ ᠬᠢᠵᠦ᠂ ᠶᠠᠳᠠᠭᠤ ᠠᠴᠠ ᠠᠩᠬᠢᠵᠢᠷᠠᠬᠰᠠᠨ ᠤ ᠳᠠᠷᠠᠭᠠᠬᠢ ᠶᠠᠳᠠᠭᠤ ᠬᠦᠴᠢᠷᠳᠡᠯᠳᠡᠢ ᠰᠢᠶᠠᠨ ᠳᠤ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠪᠠᠷ ᠳᠠᠮᠵᠢᠨ ᠬᠦᠭᠵᠢᠯᠳᠡ ᠶᠢᠨ ᠦᠷ᠎ᠠ ᠪᠦᠳᠦᠮᠵᠢ ᠶᠢ ᠨᠢ ᠪᠠᠬᠢᠵᠢᠬᠦᠯᠵᠦ᠂ ᠠᠵᠦ ᠠᠬᠤᠢ ᠨᠡᠶᠢᠭᠡᠮ ᠤᠨ ᠬᠦᠭᠵᠢᠯᠲᠡ ᠪᠡ ᠤᠯᠠᠨ ᠳᠦᠮᠡᠨ ᠤ ᠠᠮᠢᠳᠤᠷᠠᠯ ᠢ ᠰᠠᠶᠢᠵᠢᠷᠠᠭᠤᠯᠬᠤ ᠠᠵᠢᠯ ᠢ ᠦᠷᠬᠦᠯᠵᠢᠯᠡᠨ ᠠᠬᠢᠭᠤᠯᠬᠤ ᠬᠡᠷᠡᠭᠳᠡᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠢᠯᠡᠳᠦᠯᠬᠡ ᠶᠢᠨ ᠡᠬᠦᠳᠦᠯᠳᠡ ᠪᠤᠯᠤᠨ ᠠᠭᠤᠤ ᠶᠡᠭᠡ ᠵᠤᠷᠢᠬ ᠰᠠᠨᠠᠭ᠎ᠠ ᠶᠢ ᠳ᠋ᠦᠩᠨᠡᠨ᠎ᠠ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠ ᠡᠬᠦᠷᠬᠡ ᠶᠢ 2020 ᠤᠨ ᠳᠤ ᠪᠡᠶᠡᠯᠡᠬᠦᠯᠦᠭᠰᠡᠨ ᠤ ᠳᠠᠷᠠᠭᠠᠬᠢ ᠪᠠᠶᠢᠯᠳᠤᠬᠤ ᠪᠤᠳᠤᠯᠭ᠎ᠠ ᠶᠢᠨ ᠰᠡᠳᠭᠢᠴᠡ ᠶᠢ ᠡᠷᠲᠡ ᠠᠴᠠ ᠲᠦᠯᠦᠪᠵᠢᠬᠦᠯᠦᠨ᠎ᠡ᠃
    ᠬᠤᠶᠠᠷ᠂ ᠬᠦᠳᠡᠭᠡ ᠠᠵᠦ ᠠᠬᠤᠢ ᠶᠢᠨ ᠰᠠᠭᠤᠷᠢ ᠶᠢ ᠪᠠᠬᠢᠵᠢᠬᠦᠯᠵᠦ᠂ ᠴᠢᠬᠤᠯᠠ ᠳᠠᠷᠢᠶᠠᠯᠠᠩ ᠤᠨ ᠪᠦᠳᠦᠬᠡᠭᠳᠡᠬᠦᠨ ᠤ ᠪᠦᠳᠦᠮᠵᠢᠳᠡᠢ ᠬᠠᠩᠭᠠᠯᠭ᠎ᠠ ᠶᠢ ᠪᠠᠳᠤᠯᠠᠨ᠎ᠠ᠃
    ︵ᠨᠢᠬᠡ︶ ᠠᠮᠤ ᠪᠤᠳᠠᠭᠠᠠ ᠤ ᠭᠠᠷᠤᠯᠳᠠ ᠶᠢ ᠳᠤᠬᠳᠠᠪᠤᠷᠢᠵᠢᠭᠤᠯᠤᠨ᠎ᠠ᠃ ᠠᠮᠤ ᠪᠤᠳᠠᠭᠠᠨ ᠤ ᠦᠢᠯᠡᠳᠪᠤᠷᠢᠯᠡᠯ ᠢ ᠭᠤᠶᠢᠪᠢᠰᠢ ᠦᠬᠡᠢ ᠪᠠᠷ ᠴᠢᠩᠭ᠎ᠠ ᠠᠳᠬᠤᠵᠦ᠂ ᠠᠮᠤ ᠪᠤᠳᠠᠭ᠎ᠠ ᠶᠢ ᠤᠷᠤᠨ ᠨᠤᠳᠤᠬ ᠲᠤ ᠬᠠᠳᠠᠭᠠᠯᠠᠬᠤ᠂ ᠠᠮᠤ ᠪᠤᠳᠠᠭ᠎ᠠ ᠶᠢ ᠮᠡᠷᠬᠡᠵᠢᠯ ᠢᠶᠠᠷ ᠬᠠᠳᠠᠭᠠᠯᠠᠬᠤ ᠶᠢ ᠦᠨᠡᠨ ᠪᠤᠳᠠᠳᠠᠢ ᠨᠠᠶᠢᠳᠠᠪᠤᠷᠢᠵᠢᠭᠤᠯᠬᠤ ᠶᠢ ᠠᠬᠢᠭᠤᠯᠵᠦ᠂ ᠠᠮᠤ ᠪᠤᠳᠠᠭ᠎ᠠ ᠳᠠᠷᠢᠬᠤ ᠳᠠᠯᠠᠪᠠᠢ ᠶᠢ 16.5 ᠳ᠋ᠦᠩᠰᠢᠭᠤᠷ ᠮᠦ ᠶᠢᠨ ᠳᠦᠪᠰᠢᠨ ᠳᠤ ᠪᠠᠶᠢᠯᠭᠠᠬᠤ ᠶᠢ ᠦᠨᠡᠨ ᠬᠦ ᠪᠠᠳᠤᠯᠠᠨ᠎ᠠ᠃ ᠠᠮᠤ ᠪᠤᠳᠠᠭᠠᠨ ᠤ ᠦᠢᠯᠡᠳᠪᠤᠷᠢᠯᠡᠯ ᠢ ᠳᠡᠳᠬᠦᠬᠦ ᠳᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠠ ᠶᠢ ᠳᠤᠬᠳᠠᠪᠤᠷᠢᠵᠢᠭᠤᠯᠤᠨ ᠳᠡᠬᠦᠯᠳᠡᠷᠵᠢᠬᠦᠯᠵᠦ᠂ ᠡᠬᠦᠯᠳᠡᠷ᠂ ᠮᠡᠷᠬᠡᠵᠢᠯ᠂ ᠭᠠᠮᠰᠢᠬ ᠢ ᠪᠠᠭᠠᠰᠬᠠᠬᠤ ᠵᠡᠷᠬᠡ ᠬᠤᠷᠢᠶᠠᠯᠳᠠ ᠶᠢ ᠳᠤᠬᠳᠠᠪᠤᠷᠢᠵᠢᠭᠤᠯᠤᠨ ᠤᠨᠠᠯᠳᠠ ᠶᠢ ᠨᠡᠮᠡᠭᠳᠡᠬᠦᠯᠬᠦ ᠳᠠᠯᠳᠠ ᠬᠦᠴᠦᠨ ᠢ ᠠᠭᠤᠳᠠᠯᠵᠦ᠂ ᠳᠠᠷᠢᠶᠠᠴᠢᠨ ᠤ ᠠᠮᠤ ᠪᠤᠳᠠᠭ᠎ᠠ ᠳᠠᠷᠢᠬᠤ ᠦᠨᠳᠦᠰᠦᠨ ᠦᠷ᠎ᠠ ᠠᠰᠢᠬ ᠢ ᠪᠠᠳᠤᠯᠠᠨ᠎ᠠ᠃ ᠠᠮᠤ ᠪᠤᠳᠠᠭᠠᠨ ᠤ ᠭᠤᠤᠯ ᠭᠠᠷᠤᠯᠳᠠ ᠶᠢᠨ ᠤᠷᠤᠨ ᠤ ᠳᠠᠪᠠᠭᠤᠯᠢᠬ ᠢ ᠪᠠᠳᠠᠷᠠᠭᠤᠯᠵᠦ᠂ ᠠᠮᠤ ᠪᠤᠳᠠᠭᠠᠨ ᠤ ᠭᠤᠤᠯ ᠭᠠᠷᠤᠯᠳᠠ ᠶᠢᠨ ᠤᠷᠤᠨ ᠤ ᠠᠰᠢᠬ ᠳᠤᠰᠠ ᠳᠤ ᠨᠦᠬᠦᠪᠦᠷᠢ ᠤᠯᠭᠤᠬᠤ ᠳᠤᠬᠳᠠᠴᠠ ᠶᠢ ᠳᠡᠬᠦᠯᠳᠡᠷᠵᠢᠬᠦᠯᠵᠦ᠂ ᠠᠮᠤ ᠪᠤᠳᠠᠭᠠᠨ ᠤ ᠭᠠᠷᠤᠯᠳᠠ ᠰᠠᠶᠢᠳᠡᠢ ᠰᠢᠶᠠᠨ ᠳᠤ ᠱᠠᠩᠨᠠᠯ ᠦᠭᠴᠤ ᠨᠦᠬᠦᠪᠦᠷᠢ ᠤᠯᠭᠤᠬᠤ ᠳᠦᠷᠦ ᠶᠢᠨ ᠪᠤᠳᠤᠯᠭ᠎ᠠ ᠶᠢ ᠪᠦᠷᠢᠨᠰᠢᠬᠦᠯᠦᠨ᠎ᠠ᠃ ᠭᠤᠤᠯ ᠪᠤᠷᠤᠯᠠᠭᠤᠯᠭ᠎ᠠ ᠶᠢᠨ ᠤᠷᠤᠨ ᠪᠤᠯᠤᠨ ᠦᠢᠯᠡᠳᠪᠤᠷᠢᠯᠡᠯ ᠪᠤᠷᠤᠯᠠᠭᠤᠯᠭ᠎ᠠ ᠳᠡᠩᠴᠡᠬᠦᠷᠢᠳᠡᠢ ᠤᠷᠤᠨ ᠤ ᠠᠮᠤ ᠪᠤᠳᠠᠭᠠᠨ ᠤ ᠦᠢᠯᠡᠳᠪᠤᠷᠢᠯᠡᠯ ᠢ ᠳᠤᠬᠳᠠᠪᠤᠷᠢᠵᠢᠭᠤᠯᠬᠤ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ᠎ᠠ᠃ 18 ᠳ᠋ᠦᠩᠰᠢᠭᠤᠷ ᠮᠦ ᠶᠢᠨ ᠳᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠪᠠᠷᠢᠮᠳᠠᠯᠠᠵᠦ᠂ ᠦᠨᠢᠳᠡ ᠶᠢᠨ ᠦᠨᠳᠦᠰᠦᠨ ᠳᠠᠷᠢᠶᠠᠨ ᠭᠠᠵᠠᠷ ᠢ ᠤᠨᠴᠠᠭᠠᠢ ᠬᠠᠮᠠᠭᠠᠯᠠᠬᠤ ᠳᠦᠷᠢᠮ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠦ᠂ ᠦᠨᠢᠳᠡ ᠶᠢᠨ ᠦᠨᠳᠦᠰᠦᠨ ᠳᠠᠷᠢᠶᠠᠨ ᠭᠠᠵᠠᠷ ᠢ 15.46 ᠳ᠋ᠦᠩᠰᠢᠭᠤᠷ ᠮᠦ ᠠᠴᠠ ᠳᠡᠬᠡᠭᠰᠢ ᠪᠠᠶᠢᠯᠭᠠᠬᠤ ᠶᠢ ᠦᠨᠡᠨ ᠬᠦ ᠪᠠᠳᠤᠯᠠᠨ᠎ᠠ᠃ ᠬᠦᠳᠡᠭᠡ ᠠᠵᠦ ᠠᠬᠤᠢ ᠳᠤ ᠦᠢᠯᠡᠴᠢᠯᠡᠬᠦᠯᠬᠦ ᠤᠳᠤ ᠦᠶ᠎ᠠ ᠶᠢᠨ ᠴᠠᠬ ᠠᠭᠤᠷ ᠤᠨ ᠰᠢᠰᠲ᠋ᠧᠮ ᠢ ᠪᠦᠳᠦᠬᠡᠨ ᠪᠠᠶᠢᠭᠤᠯᠤᠨ᠎ᠠ᠃ ᠠᠮᠤ ᠪᠤᠳᠠᠭᠠᠨ ᠤ ᠠᠮᠤᠷ ᠳᠦᠪᠰᠢᠨ ᠢ ᠪᠠᠳᠤᠯᠠᠬᠤ ᠮᠤᠵᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠦᠨᠡᠯᠡᠯᠳᠡ ᠰᠢᠯᠭᠠᠯᠳᠠ ᠶᠢ ᠴᠢᠩᠭᠠᠳᠬᠠᠨ᠎ᠠ᠃
    ︵ᠬᠤᠶᠠᠷ︶ ᠦᠨᠳᠦᠷ ᠪᠠᠷᠢᠮᠵᠢᠶ᠎ᠠ ᠲᠠᠢ ᠳᠠᠷᠢᠶᠠᠨ ᠭᠠᠵᠠᠷ ᠢ ᠪᠦᠳᠦᠬᠡᠨ ᠪᠠᠶᠢᠭᠤᠯᠬᠤ ᠡᠬᠦᠷᠬᠡ ᠶᠢ ᠪᠡᠶᠡᠯᠡᠬᠦᠯᠦᠨ᠎ᠠ᠃ ᠠᠮᠤ ᠪᠤᠳᠠᠭᠠᠨ ᠤ ᠦᠢᠯᠡᠳᠪᠤᠷᠢᠯᠡᠯ ᠤᠨ ᠴᠢᠳᠠᠪᠤᠷᠢ ᠶᠢ ᠪᠠᠬᠢᠵᠢᠬᠦᠯᠦᠨ ᠳᠡᠬᠡᠭᠰᠢᠯᠡᠬᠦᠯᠵᠦ᠂ 2020 ᠤᠨ ᠪᠤᠯᠬᠤ ᠳᠤ 8 ᠳ᠋ᠦᠩᠰᠢᠭᠤᠷ ᠮᠦ ᠶᠢᠨ ᠦᠨᠳᠦᠷ ᠪᠠᠷᠢᠮᠵᠢᠶ᠎ᠠ ᠲᠠᠢ ᠳᠠᠷᠢᠶᠠᠨ ᠭᠠᠵᠠᠷ ᠢ ᠪᠦᠳᠦᠬᠡᠨ ᠪᠠᠶᠢᠭᠤᠯᠬᠤ ᠶᠢ ᠦᠨᠡᠨ ᠬᠦ ᠪᠠᠳᠤᠯᠠᠨ᠎ᠠ᠃ ᠪᠦᠬᠦ ᠤᠯᠤᠰ ᠤᠨ ᠦᠨᠳᠦᠷ ᠪᠠᠷᠢᠮᠵᠢᠶ᠎ᠠ ᠲᠠᠢ ᠳᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠳᠠ ᠶᠢᠨ ᠶᠡᠷᠦᠩᠬᠡᠢ ᠳᠦᠯᠦᠪᠵᠢᠬᠦᠯᠬᠡ ᠶᠢ ᠵᠠᠰᠠᠪᠤᠷᠢ ᠤᠷᠤᠭᠤᠯᠤᠨ ᠨᠠᠶᠢᠷᠠᠭᠤᠯᠵᠤ᠂ ᠳᠦᠯᠦᠪᠵᠢᠬᠦᠯᠬᠡ ᠶᠢᠨ ᠪᠠᠶᠢᠷᠢᠰᠢᠯ᠂ ᠪᠦᠳᠦᠬᠡᠨ ᠪᠠᠶᠢᠭᠤᠯᠤᠯᠳᠠ ᠶᠢᠨ ᠪᠠᠷᠢᠮᠵᠢᠶ᠎ᠠ᠂ ᠵᠤᠬᠢᠶᠠᠨ ᠪᠠᠶᠢᠭᠤᠯᠵᠤ ᠬᠡᠷᠡᠭᠵᠢᠬᠦᠯᠬᠦ᠂ ᠰᠢᠯᠭᠠᠨ ᠠᠪᠬᠤ ᠦᠨᠡᠯᠡᠯᠳᠡ ᠰᠢᠯᠭᠠᠯᠳᠠ᠂ ᠵᠢᠷᠤᠭᠯᠠᠵᠤ ᠬᠦᠮᠦᠷᠭᠡ ᠳᠤ ᠤᠷᠤᠭᠤᠯᠬᠤ ᠶᠢ ᠨᠢᠬᠡᠳᠦᠯᠳᠡᠢ ᠪᠤᠯᠭᠠᠨ᠎ᠠ᠃ ᠪᠡᠯᠡ ᠮᠦᠩᠬᠦᠨ ᠤ ᠨᠡᠶᠢᠳᠬᠡᠯ ᠢ ᠴᠢᠩᠭᠠᠳᠬᠠᠵᠦ᠂ ᠪᠡᠯᠡ ᠤᠷᠤᠭᠤᠯᠵᠦ ᠪᠡᠯᠡ ᠴᠤᠬᠯᠠᠭᠤᠯᠬᠤ ᠵᠠᠬᠪᠤᠷ ᠤᠨ ᠰᠢᠨ᠎ᠠ ᠶᠢ ᠡᠬᠦᠳᠴᠤ᠂ ᠤᠯᠠᠨ ᠡᠰᠢᠴᠢᠯᠡᠨ ᠪᠡᠯᠡ ᠬᠤᠷᠠᠮᠳᠤᠭᠤᠯᠬᠤ ᠳᠤᠬᠳᠠᠴᠠ ᠶᠢ ᠪᠠᠶᠢᠭᠤᠯᠤᠨ᠎ᠠ᠃ ᠤᠷᠤᠨ ᠪᠦᠰᠡᠴᠢᠯᠡᠭᠰᠡᠨ ᠪᠦᠬᠦᠯᠢ ᠴᠤᠬᠴᠠ ᠶᠢᠨ ᠪᠦᠳᠦᠬᠡᠨ ᠪᠠᠶᠢᠭᠤᠯᠤᠯᠳᠠ ᠶᠢ ᠬᠡᠷᠡᠭᠵᠢᠬᠦᠯᠵᠦ᠂ ᠳᠠᠷᠢᠶ᠎ᠠ ᠤᠰᠤ ᠤᠢ ᠵᠠᠮ ᠴᠠᠬᠢᠯᠭᠠᠨ ᠢ ᠶᠡᠷᠦᠩᠬᠡᠶᠢᠯᠡᠨ ᠢᠵᠢ ᠪᠦᠷᠢᠳᠦᠬᠦᠯᠬᠦ ᠶᠢ ᠠᠬᠢᠭᠤᠯᠵᠦ᠂ ᠦᠨᠳᠦᠷ ᠦᠷ᠎ᠠ ᠪᠦᠳᠦᠮᠵᠢᠳᠠᠢ ᠤᠰᠤ ᠠᠷᠪᠢᠯᠠᠬᠤ ᠤᠰᠤᠯᠠᠯᠳᠠ ᠶᠢ ᠢᠵᠢᠯᠢ ᠠᠯᠬᠤᠮ ᠢᠶᠠᠷ ᠬᠦᠭᠵᠢᠬᠦᠯᠦᠨ᠎ᠠ᠃ ᠠᠮᠤ ᠪᠤᠳᠠᠭᠠᠨ ᠤ ᠦᠢᠯᠡᠳᠪᠤᠷᠢᠯᠡᠯ ᠤᠨ ᠴᠢᠳᠠᠮᠵᠢ ᠶᠢᠨ ᠤᠷᠤᠨ ᠪᠤᠯᠤᠨ ᠴᠢᠬᠤᠯᠠ ᠳᠠᠷᠢᠶᠠᠯᠠᠩ ᠤᠨ ᠪᠦᠳᠦᠬᠡᠭᠳᠡᠬᠦᠨ ᠤ ᠦᠢᠯᠡᠳᠪᠤᠷᠢᠯᠡᠯ ᠤᠨ ᠬᠠᠮᠠᠭᠠᠯᠠᠯᠳᠠ ᠶᠢᠨ ᠤᠷᠤᠨ ᠢ ᠳᠦᠯᠦᠪᠵᠢᠬᠦᠯᠦᠨ ᠳᠤᠬᠳᠠᠭᠠᠬᠤ ᠡᠬᠦᠷᠬᠡ ᠶᠢ ᠪᠦᠬᠦ ᠳᠠᠯ᠎ᠠ ᠪᠠᠷ ᠪᠡᠶᠡᠯᠡᠬᠦᠯᠵᠦ᠂ ᠦᠨᠳᠦᠷ ᠪᠠᠷᠢᠮᠵᠢᠶ᠎ᠠ ᠲᠠᠢ ᠳᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠳᠠ ᠶᠢ ᠤᠷᠢᠳ ᠢᠶᠠᠷ ︽ᠬᠤᠶᠠᠷ ᠤᠷᠤᠨ︾ ᠳᠤ ᠳᠤᠬᠢᠷᠠᠭᠤᠯᠤᠨ᠎ᠠ᠃ ᠰᠢᠨᠵᠢᠶᠠᠩ ᠤᠨ ᠴᠢᠨᠠᠷ ᠰᠠᠶᠢᠳᠠᠢ ᠬᠦᠪᠦᠩ ᠤᠨ ᠦᠢᠯᠡᠳᠪᠤᠷᠢᠯᠡᠯ ᠤᠨ ᠰᠠᠭᠤᠷᠢᠨ ᠤ ᠪᠦᠳᠦᠬᠡᠨ ᠪᠠᠶᠢᠭᠤᠯᠤᠯᠳᠠ ᠶᠢ ᠰᠡᠷᠬᠦᠬᠡᠨ ᠬᠢᠵᠦ᠂ ᠰᠢᠬᠢᠷᠯᠢᠭ ᠨᠢᠰᠢᠩᠬᠦ ᠶᠢᠨ ︽ᠬᠤᠤᠰ ᠦᠨᠳᠦᠷ︾ ᠰᠠᠭᠤᠷᠢᠨ ᠤ ᠪᠦᠳᠦᠬᠡᠨ ᠪᠠᠶᠢᠭᠤᠯᠤᠯᠳᠠ ᠶᠢᠨ ᠬᠡᠪᠴᠢᠶ᠎ᠠ ᠶᠢ ᠳᠦᠯᠦᠪᠵᠢᠬᠦᠯᠦᠨ ᠳᠤᠬᠳᠠᠭᠠᠭᠰᠠᠠ ᠪᠦᠬᠦ᠋ᠢᠯᠡ ᠬᠠᠮᠠᠭᠠᠯᠠᠯᠳᠠ ᠶᠢᠨ ᠤᠷᠤᠨ ᠳᠤ ᠪᠦᠷᠬᠦᠬᠦᠯᠦᠨ᠎ᠠ᠃ ᠳᠠᠷᠢᠶᠠᠨ ᠭᠠᠵᠠᠷ ᠤᠨ ᠤᠰᠤᠨ ᠠᠰᠢᠬᠯᠠᠯᠳᠠ ᠶᠢᠨ ᠪᠦᠳᠦᠬᠡᠨ ᠪᠠᠶᠢᠭᠤᠯᠤᠯᠳᠠ ᠶᠢ ᠴᠢᠨᠠᠬᠰᠢᠳᠠ ᠴᠢᠩᠭᠠᠳᠬᠠᠨ᠎ᠠ᠃ ᠶᠡᠭᠡ ᠳᠤᠮᠳᠠ ᠮᠠᠶ᠋ᠢᠬ ᠤᠨ ᠤᠰᠤᠯᠠᠯᠳᠠ ᠶᠢᠨ ᠤᠷᠤᠨ ᠳᠤ ᠲᠦᠬᠦᠷᠵᠢᠬᠦᠯᠦᠭᠰᠡᠡ ᠤᠰᠤ ᠠᠷᠪᠢᠯᠠᠬᠤ ᠪᠠᠷᠢᠯᠭ᠎ᠠ ᠶᠢ ᠦᠭᠡᠷᠡᠴᠢᠯᠡᠨ ᠰᠠᠶᠢᠵᠢᠷᠠᠭᠤᠯᠬᠤ ᠪᠦᠲᠦᠭᠡᠨ ᠪᠠᠶᠢᠭᠤᠯᠤᠯᠲᠠ ᠪᠤᠯᠤᠨ ᠤᠳᠤᠬᠢᠴᠢᠯᠠᠬᠰᠠᠨ ᠪᠦᠳᠦᠬᠡᠨ ᠪᠠᠶᠢᠭᠤᠯᠤᠯᠳᠠ ᠶᠢ ᠠᠬᠢᠭᠤᠯᠤᠨ᠎ᠠ᠃ ᠵᠡᠬᠦᠨ ᠬᠤᠶᠢᠳᠤ ᠤᠷᠤᠨ ᠤ ᠬᠠᠷ᠎ᠠ ᠬᠦᠷᠦᠰᠦ ᠶᠢ ᠬᠠᠮᠠᠭᠠᠯᠠᠬᠤ ᠡᠷᠴᠢᠮ ᠢ ᠴᠢᠩᠭᠠᠳᠬᠠᠨ᠎ᠠ᠃ ᠤᠮᠠᠷᠠᠳᠤ ᠤᠷᠤᠨ ᠤ ᠭᠠᠵᠠᠷ ᠳᠤᠤᠷᠠᠬᠢ ᠤᠰᠤ ᠶᠢ ᠬᠡᠮᠵᠢᠶ᠎ᠡ ᠠᠴᠠ ᠬᠡᠲᠦᠷᠡᠭᠦᠯᠦᠨ ᠠᠭᠤᠲᠠᠯᠤᠨ ᠬᠡᠷᠡᠭᠯᠡᠵᠦ ᠪᠠᠶᠢᠭ᠎ᠠ ᠳᠤ ᠶᠡᠷᠦᠩᠬᠡᠶᠢᠯᠡᠭᠰᠡᠨ ᠵᠠᠰᠠᠯᠳᠠ ᠬᠢᠬᠦ ᠶᠢ ᠴᠢᠩᠭᠠᠳᠬᠠᠨ᠎ᠠ᠃ ᠬᠦᠨᠳᠦ ᠳᠡᠮᠦᠷᠯᠢᠭ ᠲᠤ ᠪᠤᠬᠢᠷᠳᠤᠬᠰᠠᠨ ᠳᠠᠷᠢᠶᠠᠨ ᠭᠠᠵᠠᠷ ᠢ ᠵᠠᠰᠠᠵᠦ ᠰᠡᠷᠬᠦᠬᠡᠬᠦ ᠪᠡ ᠳᠠᠷᠢᠮᠠᠯ ᠤᠨ ᠪᠦᠳᠦᠴᠡ ᠳᠤ ᠳᠤᠬᠢᠷᠠᠭᠤᠯᠤᠯᠳᠠ ᠬᠢᠬᠦ ᠳᠤᠷᠰᠢᠯᠳᠠ ᠶᠢ ᠠᠬᠢᠭᠤᠯᠤᠨ᠎ᠠ᠃
    ︵ᠭᠤᠷᠪᠠ︶ ᠬᠦᠳᠡᠭᠡ ᠠᠵᠤ ᠠᠬᠤᠢ ᠶᠢᠨ ᠪᠦᠳᠦᠴᠡ ᠶᠢ ᠳᠤᠬᠢᠷᠠᠭᠤᠯᠤᠨ ᠰᠢᠯᠢᠳᠡᠭᠵᠢᠬᠦᠯᠦᠨ᠎ᠠ᠃ ᠪᠠᠴᠢᠮ ᠲᠤᠲᠠᠭᠲᠠᠵᠤ ᠪᠠᠶᠢᠭ᠎ᠠ ᠪᠤᠬᠢᠷᠳᠤᠯ ᠦᠬᠡᠢ ᠴᠢᠨᠠᠷ ᠰᠠᠶᠢᠳᠠᠢ ᠳᠠᠷᠢᠶᠠᠯᠠᠩ ᠤᠨ ᠪᠦᠳᠦᠬᠡᠭᠳᠡᠬᠦᠨ ᠤ ᠦᠢᠯᠡᠳᠪᠤᠷᠢᠯᠡᠯ ᠢ ᠶᠡᠭᠡ ᠪᠠᠷ ᠬᠦᠭᠵᠢᠬᠦᠯᠵᠦ᠂ ᠬᠦᠳᠡᠭᠡ ᠠᠵᠦ ᠠᠬᠤᠢ ᠶᠢᠨ ᠬᠤᠷᠢᠶᠠᠯᠳᠠ ᠶᠢ ᠨᠡᠮᠡᠭᠳᠡᠬᠦᠯᠬᠦ ᠪᠠᠷ ᠤᠲᠤᠷᠢᠳᠤᠮᠵᠢ ᠪᠤᠯᠭᠠᠵᠦ ᠪᠠᠶᠢᠬᠰᠠᠨ ᠠᠴᠠ ᠨᠢ ᠶᠠᠰᠤ ᠴᠢᠨᠠᠷ ᠢ ᠳᠡᠬᠡᠭᠰᠢᠯᠡᠬᠦᠯᠬᠦ ᠪᠠᠷ ᠤᠲᠤᠷᠢᠳᠤᠮᠵᠢ ᠪᠤᠯᠭᠠᠬᠤ ᠲᠡᠶᠢᠰᠢ ᠬᠤᠪᠢᠷᠠᠬᠤ ᠶᠢ ᠠᠬᠢᠭᠤᠯᠤᠨ᠎ᠠ᠃ ᠴᠢᠨᠠᠷ ᠰᠠᠶᠢᠳᠠᠢ ᠠᠮᠤ ᠪᠤᠳᠠᠭᠠᠨ ᠤ ᠢᠨᠵᠧᠨᠧᠷᠢᠩ ᠢ ᠬᠦᠨᠵᠡᠬᠡᠢ ᠠᠬᠢᠭᠤᠯᠤᠨ᠎ᠠ᠃ ᠰᠢᠷ᠎ᠠ ᠪᠤᠷᠴᠠᠬ ᠢ ᠬᠦᠭᠵᠢᠬᠦᠯᠦᠨ ᠮᠠᠨᠳᠤᠭᠤᠯᠬᠤ ᠳᠦᠯᠦᠪᠯᠡᠭᠡ ᠶᠢ ᠬᠡᠷᠡᠭᠵᠢᠬᠦᠯᠵᠦ᠂ ᠤᠯᠠᠨ ᠠᠷᠭ᠎ᠠ ᠵᠠᠮ ᠢᠶᠠᠷ ᠳᠠᠷᠢᠬᠤ ᠳᠠᠯᠠᠪᠠᠢ ᠶᠢ ᠨᠢ ᠦᠷᠬᠡᠳᠬᠡᠨ᠎ᠠ᠃ ᠬᠦᠬᠡᠮᠦ᠋ᠷᠡᠨ ᠤ ᠰᠠᠪᠠ ᠭᠠᠵᠠᠷ ᠤᠨ ᠰᠢᠯᠢᠮᠳᠡᠭ ᠤᠨ ᠦᠢᠯᠡᠳᠪᠤᠷᠢᠯᠡᠯ ᠳᠤ ᠳᠡᠮᠵᠢᠯᠬᠡ ᠦᠵᠡᠬᠦᠯᠵᠦ᠂ ᠰᠢᠨ᠎ᠡ ᠡᠬᠦᠯᠳᠡᠷ ᠰᠢᠨ᠎ᠠ ᠮᠡᠷᠬᠡᠵᠢᠯ ᠢ ᠵᠢᠱᠢᠶ᠎ᠠ ᠦᠵᠡᠬᠦᠯᠦᠨ ᠳᠡᠯᠬᠡᠷᠡᠬᠦᠯᠬᠦ ᠪᠡ ᠪᠦᠬᠦ ᠶᠠᠪᠤᠴᠠ ᠶᠢ ᠮᠠᠰᠢᠨᠴᠢᠯᠠᠬᠤ ᠠᠵᠢᠯ ᠢ ᠠᠬᠢᠭᠤᠯᠤᠨ᠎ᠠ᠃ ᠮᠤᠳᠤᠯᠢᠬ ᠳᠤᠰᠤᠨ ᠮᠠᠲ᠋ᠧᠷᠢᠶᠠᠯ ᠢ ᠢᠳᠡᠪᠬᠢᠳᠡᠢ ᠬᠦᠭᠵᠢᠬᠦᠯᠦᠨ᠎ᠠ᠃ ᠰᠦᠨ ᠤ ᠦᠢᠯᠡᠰ ᠢ ᠬᠦᠭᠵᠢᠬᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠬᠦᠯᠵᠦ᠂ ᠴᠢᠨᠠᠷ ᠰᠠᠶᠢᠳᠠᠢ ᠰᠦᠨ ᠤ ᠡᠬᠢ ᠢᠷᠡᠯᠲᠡ ᠶᠢᠨ ᠰᠠᠭᠤᠷᠢᠨ ᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠦ᠂ ᠰᠠᠭᠠᠯᠢ ᠶᠢᠨ ᠦᠨᠢᠶ᠎ᠠ ᠠᠷᠠᠴᠢᠯᠠᠨ ᠳᠡᠵᠢᠬᠡᠬᠦ ᠳᠤᠮᠳᠠ ᠪᠠᠭ᠎ᠠ ᠳᠠᠯᠠᠪᠤᠷ ᠢ ᠳᠡᠰ ᠳᠡᠪᠰᠢᠬᠦᠯᠦᠨ ᠦᠬᠡᠷᠡᠴᠢᠯᠡᠨ ᠪᠠᠶᠢᠭᠤᠯᠵᠦ᠂ ᠨᠢᠷᠠᠢ ᠨᠢᠯᠬ᠎ᠠ ᠬᠡᠤᠬᠡᠳ ᠲᠤ ᠵᠤᠷᠢᠭᠤᠯᠤᠬᠰᠠᠨ ᠰᠦᠨ ᠳᠠᠯᠬ᠎ᠠ ᠶᠢᠨ ᠶᠠᠰᠤ ᠴᠢᠨᠠᠷ ᠢ ᠨᠢ ᠳᠡᠬᠡᠭᠰᠢᠯᠡᠬᠦᠯᠬᠦ ᠠᠵᠢᠯᠯᠠᠭ᠎ᠠ ᠶᠢ ᠬᠡᠷᠡᠭᠵᠢᠬᠦᠯᠦᠨ᠎ᠠ᠃ ᠠᠮᠤ ᠪᠤᠳᠠᠭ᠎ᠠ ᠠᠵᠦ ᠠᠬᠤᠢ ᠶᠢᠨ ᠲᠠᠷᠢᠮᠠᠯ ᠪᠤᠷᠳᠤᠭ᠎ᠠ ᠶᠢᠨ ᠪᠦᠳᠦᠴᠡ ᠳᠤ ᠵᠦᠢ ᠵᠤᠬᠢᠰᠳᠠᠢ ᠳᠤᠬᠢᠷᠠᠭᠤᠯᠤᠯᠳᠠ ᠬᠢᠵᠦ᠂ ᠬᠦᠬᠡ ᠲᠠᠷᠤᠰᠢ ᠶᠢᠨ ᠡᠷᠳᠡᠢ ᠰᠢᠰᠢ᠂ ᠴᠠᠷᠭᠠᠰᠤ ᠵᠡᠷᠬᠡ ᠴᠢᠨᠠᠷ ᠰᠠᠶᠢᠳᠠᠢ ᠡᠪᠡᠰᠦ ᠪᠤᠷᠳᠤᠭ᠎ᠠ ᠶᠢ ᠳᠠᠷᠤᠰᠢᠭᠤᠯᠤᠨ ᠬᠠᠳᠠᠭᠠᠯᠠᠬᠤ ᠦᠢᠯᠡᠳᠪᠤᠷᠢᠯᠡᠯ ᠢ ᠬᠦᠭᠵᠢᠬᠦᠯᠦᠨ᠎ᠠ᠃ ᠳᠤᠳᠤᠭᠠᠳᠤ ᠬᠠᠭᠤᠷᠠᠢ ᠶᠢᠨ ᠤᠰᠤᠨ ᠤᠷᠤᠨ ᠳᠠᠬᠢ ᠠᠷᠠᠴᠢᠯᠠᠨ ᠳᠡᠵᠢᠬᠡᠬᠦ ᠬᠡᠪᠴᠢᠶ᠎ᠠ ᠶᠢ ᠵᠦᠢ ᠵᠤᠬᠢᠰᠳᠡᠢ ᠳᠤᠬᠳᠠᠭᠠᠵᠦ᠂ ᠤᠢᠢᠷ᠎ᠠ ᠳᠠᠯᠠᠢ᠂ ᠨᠠᠭᠤᠷ ᠴᠦᠬᠦᠷᠦᠮ ᠢᠶᠠᠷ ᠦᠩᠬᠡᠷᠡᠦ ᠨᠢᠭᠲᠠ ᠳᠤᠤᠷᠯᠠᠨ ᠬᠦᠷᠢᠶᠡᠯᠡᠵᠤ ᠠᠷᠠᠴᠢᠯᠡᠨ ᠳᠡᠵᠢᠬᠡᠬᠦ ᠶᠢ ᠪᠠᠭᠠᠰᠬᠠᠵᠦ᠂ ᠳᠠᠯᠠᠢ ᠳᠠᠩᠬᠢᠰ ᠤᠨ ᠮᠠᠯᠵᠢᠯ ᠤᠨ ᠳᠠᠯᠠᠪᠠᠢ ᠶᠢᠨ ᠪᠦᠳᠦᠬᠡᠨ ᠪᠠᠶᠢᠭᠤᠯᠤᠯᠳᠠ ᠶᠢ ᠠᠬᠢᠭᠤᠯᠵᠦ᠂ ᠠᠯᠤᠰ ᠳᠠᠯᠠᠢ ᠶᠢᠨ ᠵᠢᠭᠠᠰᠤᠨ ᠤ ᠠᠵᠦ ᠦᠢᠯᠡᠰ ᠢ ᠲᠦᠷᠢᠮᠵᠢᠯ ᠲᠠᠢ ᠡᠮᠬᠢ ᠴᠡᠭᠴᠡ ᠲᠠᠢ ᠪᠠᠷ ᠬᠦᠭᠵᠢᠬᠦᠯᠦᠨ᠎ᠠ᠃ ᠭᠤᠤᠯ ᠮᠦᠷᠡᠨ ᠨᠠᠭᠤᠷ ᠪᠦᠷᠢᠳᠦ ᠪᠤᠯᠤᠨ ᠤᠢᠢᠷ᠎ᠠ ᠳᠠᠯᠠᠢ ᠶᠢᠨ ᠵᠢᠭᠠᠰᠤᠨ ᠤ ᠠᠵᠦ ᠦᠢᠯᠡᠰ ᠤᠨ ᠠᠩᠨᠠᠵᠦ ᠱᠦᠬᠦᠬᠦ ᠡᠷᠴᠢᠮ ᠢ ᠪᠠᠭᠠᠰᠬᠠᠵᠦ᠂ ᠬᠦᠬᠡᠮᠦ᠋ᠷᠡᠨ ᠤ ᠤᠰᠤᠨ ᠤ ᠠᠮᠢᠳᠤ ᠪᠤᠳᠠᠰ ᠤᠨ ᠬᠠᠮᠠᠭᠠᠯᠠᠯᠳᠠ ᠶᠢᠨ ᠤᠷᠤᠨ ᠳᠤ ᠵᠢᠭᠠᠰᠤ ᠠᠩᠨᠠᠬᠤ ᠶᠢ ᠪᠦᠬᠦ ᠳᠠᠯ᠎ᠠ ᠪᠠᠷ ᠴᠠᠭᠠᠵᠠᠯᠠᠬᠤ ᠶᠢ ᠬᠡᠷᠡᠭᠵᠢᠬᠦᠯᠦᠨ᠎ᠡ᠃ ᠳᠠᠷᠢᠶᠠᠯᠠᠩ ᠤᠨ ᠪᠦᠳᠦᠬᠡᠭᠳᠡᠬᠦᠨ ᠤ ᠶᠠᠰᠤ ᠴᠢᠨᠠᠷ ᠤᠨ ᠠᠮᠤᠷ ᠳᠦᠪᠰᠢᠨ ᠢ ᠪᠠᠳᠤᠯᠠᠬᠤ ᠢᠨᠵᠧᠨᠧᠷᠢᠩ ᠢ ᠬᠡᠷᠡᠭᠵᠢᠬᠦᠯᠵᠦ᠂ ᠬᠢᠨᠠᠨ ᠬᠠᠮᠢᠶᠠᠷᠬᠤ ᠰᠢᠰᠲ᠋ᠧᠮ᠂ ᠬᠢᠨᠡᠨ ᠬᠡᠮᠵᠢᠬᠦ ᠰᠢᠰᠲ᠋ᠧᠮ᠂ ᠨᠡᠬᠡᠮᠵᠢᠯᠡᠨ ᠮᠦᠷᠳᠡᠬᠦ ᠰᠢᠰᠲ᠋ᠧᠮ ᠢ ᠪᠦᠷᠢᠨᠰᠢᠬᠦᠯᠦᠨ᠎ᠠ᠃ ᠠᠹᠷᠢᠺᠠ ᠳᠢᠪ ᠤᠨ ᠭᠠᠭ᠋ᠠᠢ ᠶᠢᠨ ᠬᠢᠵᠢᠭ ᠵᠡᠷᠬᠡ ᠠᠮᠢᠳᠤ ᠪᠤᠳᠠᠰ ᠤᠨ ᠬᠢᠵᠢᠭ ᠢ ᠬᠢᠨᠡᠨ ᠬᠡᠮᠵᠢᠵᠦ ᠰᠡᠷᠬᠡᠶᠢᠯᠡᠨ ᠡᠵᠡᠮᠳᠡᠬᠦ ᠡᠷᠴᠢᠮ ᠢ ᠴᠢᠩᠭᠠᠷᠠᠭᠤᠯᠵᠦ᠂ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠠᠵᠦ ᠦᠢᠯᠡᠰ ᠤᠨ ᠠᠮᠤᠷ ᠳᠦᠪᠰᠢᠨ ᠪᠠᠶᠢᠬᠤ ᠶᠢ ᠦᠨᠡᠨ ᠬᠦ ᠪᠠᠳᠤᠯᠠᠨ᠎ᠠ᠃
    ︵ᠲᠦᠷᠪᠡ︶ ᠬᠦᠲᠡᠭᠡ ᠠᠵᠦ ᠠᠬᠤᠢ ᠶᠢᠨ ᠵᠠᠩᠭᠢᠯᠠᠭ᠎ᠠ ᠶᠢᠨ ᠭᠤᠤᠯ ᠮᠡᠷᠭᠡᠵᠢᠯ ᠳᠤ ᠰᠢᠪᠲᠤᠯᠤᠯᠲᠠ ᠲᠠᠢ ᠪᠤᠯᠭᠠᠬᠤ ᠶᠢ ᠲᠦᠷᠭᠡᠳᠭᠡᠨ᠎ᠠ᠃ ᠰᠢᠨ᠎ᠠ ᠶᠢ ᠡᠬᠦᠳᠬᠦ ᠪᠠᠷ ᠬᠦᠲᠡᠯᠭᠡᠬᠦᠷ ᠪᠤᠯᠭᠠᠬᠤ ᠬᠦᠭᠵᠢᠯᠲᠠ ᠶᠢ ᠴᠢᠩᠭᠠᠳᠬᠠᠠ᠂ ᠬᠦᠲᠡᠭᠡ ᠠᠵᠦ ᠠᠬᠤᠢ ᠶᠢᠨ ᠵᠠᠩᠭᠢᠯᠠᠭ᠎ᠠ ᠶᠢᠨ ᠭᠤᠤᠯ ᠮᠡᠷᠭᠡᠵᠢᠯ ᠤᠨ ᠪᠤᠭᠤᠮᠲᠠ ᠰᠢᠪᠲᠤᠯᠬᠤ ᠠᠵᠢᠯᠯᠠᠭ᠎ᠠ ᠶᠢ ᠭᠡᠷᠡᠭᠵᠢᠭᠦᠯᠵᠦ᠂ ᠨᠢᠭᠡ ᠪᠦᠯᠦᠭ ᠬᠦᠲᠡᠭᠡ ᠠᠵᠦ ᠠᠬᠤᠢ ᠶᠢᠨ ᠪᠠᠶᠢᠯᠲᠤᠬᠤ ᠪᠤᠲᠤᠯᠭ᠎ᠠ ᠶᠢᠨ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ ᠬᠦᠴᠤᠨ ᠢ ᠪᠤᠶᠢᠵᠢᠭᠤᠯᠵᠦ᠂ ᠠᠮᠢᠲᠤ ᠪᠤᠲᠠᠰ ᠤᠨ ᠦᠷ᠎ᠠ ᠶᠢᠨ ᠦᠢᠯᠡᠰ᠂ ᠬᠦᠨᠲᠦ ᠬᠡᠯᠪᠡᠷᠢ ᠶᠢᠨ ᠲᠠᠷᠢᠶᠠᠯᠠᠩ ᠤᠨ ᠮᠠᠰᠢᠨ ᠮᠧᠬᠠᠨᠢᠭ᠂ ᠤᠶᠤᠨᠯᠢᠭ ᠬᠦᠲᠡᠭᠡ ᠠᠵᠦ ᠠᠬᠤᠢ᠂ ᠪᠤᠬᠢᠷᠲᠤᠯ ᠦᠭᠡᠢ ᠶᠢᠨ ᠤᠷᠤᠭᠤᠯᠤᠯᠲᠠ ᠶᠢᠨ ᠵᠦᠢᠯ ᠵᠡᠷᠭᠡ ᠬᠦᠷᠢᠶ᠎ᠠ ᠴᠠᠷᠠᠭ᠎ᠠ ᠳᠠᠬᠢ ᠪᠡᠶ᠎ᠠ ᠪᠠᠨ ᠲᠠᠭᠠᠭᠠᠭᠰᠠᠠ ᠰᠢᠨᠡᠴᠢᠯᠡᠯᠲᠡ ᠶᠢ ᠠᠬᠢᠭᠤᠯᠤᠨ᠎ᠠ᠃ ᠬᠦᠲᠡᠭᠡ ᠠᠵᠦ ᠠᠬᠤᠢ ᠶᠢᠨ ᠬᠦᠷᠢᠶ᠎ᠠ ᠴᠠᠷᠠᠭ᠎ᠠ ᠳᠠᠬᠢ ᠤᠯᠤᠰ ᠤᠨ ᠭᠤᠤᠯᠲᠠᠯᠭ᠎ᠠ ᠲᠠᠢ ᠲᠤᠷᠰᠢᠯᠲᠠ ᠶᠢᠨ ᠲᠠᠰᠤᠭ ᠵᠡᠷᠭᠡ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ ᠲᠠᠪᠴᠠᠩ ᠤᠨ ᠰᠠᠭᠤᠷᠢᠨ ᠢ ᠪᠠᠶᠢᠭᠤᠯᠵᠦ᠂ ᠦᠢᠯᠡᠳᠪᠦᠷᠢᠯᠡᠯ ᠵᠢᠭᠠᠠ ᠰᠤᠷᠭᠠᠯᠲᠠ ᠰᠤᠲᠤᠯᠭᠠᠠ ᠢ ᠬᠦᠨᠵᠡᠭᠡᠢ ᠠᠭᠤᠰᠤᠯᠴᠠᠭᠤᠯᠬᠤ ᠲᠠᠪᠴᠠᠩ ᠢ ᠴᠤᠭᠴᠠᠯᠠᠵᠤ᠂ ᠤᠯᠤᠰ ᠤᠨ ᠤᠲᠤ ᠦᠶ᠎ᠠ ᠶᠢᠨ ᠬᠦᠲᠡᠭᠡ ᠠᠵᠦ ᠠᠬᠤᠢ ᠶᠢᠨ ᠠᠵᠦ ᠦᠢᠯᠡᠰ ᠤᠨ ᠮᠡᠷᠭᠡᠵᠢᠯ ᠤᠨ ᠰᠢᠰᠲ᠋ᠧᠮ᠂ ᠰᠢᠨᠵᠢᠯᠡᠬᠦ ᠤᠠᠬᠭᠠᠠ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ ᠬᠤᠯᠪᠤᠭ᠎ᠠ᠂ ᠠᠵᠦ ᠦᠢᠯᠡᠰ ᠤᠨ ᠰᠢᠨ᠎ᠠ ᠶᠢ ᠡᠭᠦᠳᠬᠦ ᠲᠦᠪ᠂ ᠲᠡᠭᠡᠲᠦ ᠰᠢᠨ᠎ᠠ ᠮᠡᠷᠭᠡᠵᠢᠯ ᠤᠨ ᠠᠵᠦ ᠦᠢᠯᠡᠰ ᠤᠨ ᠵᠢᠱᠢᠶ᠎ᠠ ᠦᠵᠡᠭᠦᠯᠬᠦ ᠲᠤᠭᠤᠷᠢᠭ᠂ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠬᠦᠷᠢᠶᠡᠯᠡᠩ ᠲᠤᠭᠤᠷᠢᠭ ᠵᠡᠷᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠵᠦ ᠠᠬᠤᠢᠢᠯᠠᠯ ᠤᠨ ᠮᠡᠷᠭᠡᠵᠢᠯ ᠤᠨ ᠰᠢᠨ᠎ᠠ ᠶᠢ ᠡᠭᠦᠳᠬᠦ ᠭᠤᠤᠯ ᠴᠤᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠠ᠂ ᠬᠦᠲᠡᠭᠡ ᠠᠵᠦ ᠠᠬᠤᠢ ᠶᠢᠨ ᠰᠢᠨᠵᠢᠯᠡᠬᠦ ᠤᠠᠬᠭᠠᠠ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ ᠰᠢᠨ᠎ᠠ ᠬᠡᠯᠪᠡᠷᠢ ᠶᠢᠨ ᠠᠵᠦ ᠠᠬᠤᠢᠢᠯᠠᠯ ᠢ ᠪᠤᠶᠢᠵᠢᠭᠤᠯᠵᠦ᠂ ᠨᠦᠬᠦᠴᠡᠯ ᠳᠤ ᠨᠡᠶᠢᠴᠡᠬᠦ ᠠᠵᠦ ᠠᠬᠤᠢᠢᠯᠠᠯ ᠲᠠᠭᠠᠭᠤᠯᠤᠨ ᠮᠡᠷᠭᠡᠵᠢᠯ ᠤᠨ ᠰᠢᠨ᠎ᠠ ᠶᠢ ᠡᠭᠦᠳᠬᠦ ᠲᠦᠷᠦᠯ ᠵᠦᠢᠯ ᠭᠡᠷᠡᠭᠵᠢᠭᠦᠯᠬᠦ ᠶᠢ ᠲᠡᠮᠵᠢᠨ᠎ᠠ᠃ ᠤᠰᠤᠨ ᠲᠤᠲᠤᠷᠭ᠎ᠠ᠂ ᠪᠤᠭᠤᠲᠠᠢ᠂ ᠡᠷᠲᠡᠨᠢ ᠰᠢᠰᠢ᠂ ᠪᠤᠷᠴᠠᠭ ᠪᠤᠯᠤᠨ ᠮᠠᠯ ᠵᠢᠭᠦᠷᠲᠡᠡ ᠤ ᠰᠠᠶᠢᠠ ᠡᠭᠦᠯᠲᠡᠷ ᠢ ᠪᠤᠶᠢᠵᠢᠭᠤᠯᠬᠤ ᠬᠠᠮᠲᠤᠷᠠᠭᠰᠠᠠ ᠪᠤᠭᠤᠮᠲᠠ ᠰᠢᠪᠲᠤᠯᠤᠯᠲᠠ ᠶᠢ ᠦᠷᠭᠦᠯᠵᠢᠯᠡᠡ ᠵᠤᠬᠢᠶᠠᠠ ᠪᠠᠶᠢᠭᠤᠯᠤᠨ ᠭᠡᠷᠡᠭᠵᠢᠭᠦᠯᠵᠦ᠂ ᠴᠢᠨᠠᠷ ᠰᠠᠶᠢᠲᠠᠢ ᠡᠪᠡᠰᠦᠨ ᠦᠷ᠎ᠠ ᠶᠢ ᠰᠢᠯᠢᠠ ᠪᠤᠶᠢᠵᠢᠭᠤᠯᠬᠤ ᠪᠠ ᠲᠡᠯᠭᠡᠷᠡᠭᠦᠯᠬᠦ ᠶᠢ ᠲᠦᠷᠭᠡᠳᠭᠡᠨ᠎ᠡ᠃ ᠪᠠᠭᠤᠷᠠᠢ ᠭᠤᠭᠴᠤᠭ᠎ᠠ ᠳᠤ ᠲᠠᠷᠢᠶᠠᠯᠠᠩ ᠳᠤ ᠭᠡᠷᠡᠭᠯᠡᠬᠦ ᠮᠠᠰᠢᠨ ᠮᠧᠬᠠᠨᠢᠭ ᠤᠨ ᠰᠤᠲᠤᠯᠭᠠᠠ ᠨᠡᠭᠡᠭᠡᠡ ᠬᠦᠭᠵᠢᠬᠦᠯᠦᠯᠲᠡ ᠬᠢᠬᠦ ᠶᠢ ᠲᠡᠮᠵᠢᠵᠦ᠂ ᠲᠠᠷᠢᠶᠠᠯᠠᠩ ᠤᠨ ᠮᠠᠰᠢᠨ ᠮᠧᠬᠠᠨᠢᠭ ᠤᠨ ᠲᠤᠨᠤᠭᠯᠠᠯ ᠤᠨ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦ ᠶᠢ ᠠᠬᠢᠭᠤᠯᠵᠦ᠂ ᠬᠦᠲᠡᠭᠡ ᠠᠵᠦ ᠠᠬᠤᠢ ᠶᠢᠨ ᠮᠧᠬᠠᠨᠢᠠᠠᠵᠢᠯᠲᠠ ᠶᠢ ᠲᠦᠷᠭᠡᠡ ᠠᠬᠢᠭᠤᠯᠤᠨ᠎ᠠ᠃ ᠬᠦᠲᠡᠭᠡ ᠠᠵᠦ ᠠᠬᠤᠢ ᠶᠢᠨ ᠬᠦᠷᠢᠶ᠎ᠠ ᠴᠠᠷᠠᠭ᠎ᠠ ᠳᠠᠬᠢ ᠮᠡᠲᠡᠯᠭᠡ ᠶᠢᠨ ᠦᠮᠴᠢᠯᠡᠬᠦ ᠡᠷᠭᠡ ᠶᠢᠨ ᠡᠭᠦᠲᠦᠨ ᠪᠦᠲᠦᠭᠡᠯᠲᠡ ᠪᠤᠯᠤᠨ ᠭᠡᠷᠡᠭᠯᠡᠭᠡᠡ ᠢ ᠴᠢᠩᠭᠠᠳᠬᠠᠨ᠎ᠠ᠃ ᠲᠡᠷᠢᠭᠦᠨ ᠤ ᠭᠡᠷᠡᠭᠯᠡᠭᠡᠡ ᠤ ᠮᠡᠷᠭᠡᠵᠢᠯ ᠢ ᠪᠦᠭᠡᠮᠨᠡᠷᠡᠭᠦᠯᠦᠨ ᠰᠢᠨ᠎ᠠ ᠶᠢ ᠡᠭᠦᠳᠬᠦ ᠪᠠ ᠲᠡᠯᠭᠡᠷᠡᠭᠦᠯᠦᠨ ᠬᠡᠷᠡᠭᠯᠡᠬᠦ ᠶᠢ ᠲᠦᠷᠭᠡᠳᠭᠡᠨ᠎ᠠ᠃ ᠬᠦᠲᠡᠭᠡ ᠠᠵᠦ ᠠᠬᠤᠢ ᠶᠢᠨ ᠰᠢᠨᠵᠢᠯᠡᠬᠦ ᠤᠠᠬᠭᠠᠠ ᠤ ᠰᠤᠲᠤᠯᠭᠠᠠ ᠤ ᠦᠷ᠎ᠠ ᠪᠦᠲᠦᠭᠡᠯ ᠤᠨ ᠦᠮᠴᠢᠯᠡᠬᠦ ᠡᠷᠭᠡ ᠶᠢᠨ ᠲᠦᠷᠢᠮ ᠢ ᠪᠠᠶᠢᠭᠤᠯᠤᠨ ᠲᠡᠭᠦᠯᠲᠡᠷᠵᠢᠭᠦᠯᠵᠦ᠂ ᠰᠢᠨᠵᠢᠯᠡᠬᠦ ᠤᠬᠠᠭᠠᠠ ᠤ ᠰᠤᠲᠤᠯᠭᠠᠠ ᠤ ᠠᠵᠢᠯᠲᠠᠨ ᠳᠤ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠦᠮᠴᠢᠯᠡᠬᠦ ᠡᠷᠭᠡ ᠤᠯᠭᠤᠵᠦ᠂ ᠴᠢᠲᠠᠪᠤᠷᠢᠲᠠᠠ ᠤ ᠦᠨᠡᠯᠡᠯᠲᠡ ᠪᠠ ᠬᠦᠲᠡᠯᠦᠩᠭᠦᠢ ᠪᠠᠲᠤᠯᠠᠪᠤᠷᠢ ᠶᠢᠨ ᠲᠤᠭᠲᠠᠴᠠ ᠶᠢ ᠪᠦᠷᠢᠠᠰᠢᠭᠦᠯᠵᠦ᠂ ᠲᠤᠰᠢᠶᠠᠯ ᠬᠠᠪᠰᠤᠷᠭᠠᠨ ᠬᠠᠷᠢᠭᠤᠴᠠᠵᠤ ᠬᠦᠯᠦᠰᠦ ᠤᠯᠭᠤᠮᠵᠢ ᠤᠯᠬᠤ᠂ ᠦᠷ᠎ᠡ ᠪᠦᠲᠦᠭᠡᠯ ᠤᠨ ᠡᠷᠭᠡ ᠠᠰᠢᠭ ᠤᠨ ᠬᠤᠪᠢᠶᠠᠷᠢᠯᠠᠯᠲᠠ ᠶᠢᠨ ᠲᠦᠷᠦ ᠶᠢᠨ ᠪᠤᠲᠤᠯᠭ᠎ᠠ ᠶᠢ ᠨᠠᠶᠢᠲᠠᠪᠤᠷᠢᠵᠢᠭᠤᠯᠤᠨ᠎ᠠ᠃
    ︵ᠲᠠᠪᠤ︶ ᠴᠢᠬᠤᠯᠠ ᠲᠠᠷᠢᠶᠠᠯᠠᠩ ᠤᠨ ᠪᠦᠲᠦᠭᠡᠭᠲᠡᠭᠦᠨ ᠤ ᠪᠠᠲᠤᠯᠠᠪᠤᠷᠢ ᠶᠢᠨ ᠪᠠᠶᠢᠯᠲᠤᠬᠤ ᠪᠤᠲᠤᠯᠭ᠎ᠠ ᠶᠢ ᠭᠡᠷᠡᠭᠵᠢᠭᠦᠯᠦᠨ᠎ᠠ᠃ ᠦᠵᠦ ᠲᠦᠯᠦᠪᠯᠡᠭᠡ ᠪᠠ ᠰᠢᠰᠲ᠋ᠧᠮᠲᠦ ᠲᠦᠯᠦᠪᠵᠢᠭᠦᠯᠭᠡ ᠬᠢᠬᠦ ᠶᠢ ᠴᠢᠩᠭᠠᠳᠬᠠᠠ᠂ ᠤᠯᠤᠰ ᠤᠨ ᠲᠤᠲᠤᠭᠠᠲᠤ ᠶᠢᠨ ᠠᠮᠤ ᠪᠤᠲᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠲᠡᠭᠦᠨ ᠤ ᠬᠠᠩᠭᠠᠯᠭ᠎ᠠ ᠶᠢ ᠪᠠᠲᠤᠯᠠᠬᠤ ᠳᠤ ᠰᠠᠭᠤᠷᠢᠯᠠᠵᠦ᠂ ᠤᠯᠠᠠ ᠤᠯᠤᠰ ᠤᠨ ᠪᠠ ᠤᠯᠤᠰ ᠤᠨ ᠲᠤᠲᠤᠭᠠᠲᠤ ᠶᠢᠨ ᠬᠤᠶᠠᠷ ᠵᠠᠬ᠎ᠠ ᠲᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠢ ᠨᠢᠭᠡᠲᠦᠯᠲᠡᠢ ᠲᠦᠯᠦᠪᠵᠢᠭᠦᠯᠦᠨ ᠰᠠᠶᠢᠲᠤᠷ ᠭᠡᠷᠡᠭᠯᠡᠵᠦ᠂ ᠤᠯᠤᠰ ᠤᠨ ᠲᠤᠲᠤᠭᠠᠲᠤ ᠶᠢᠨ ᠴᠢᠬᠤᠯᠠ ᠲᠠᠷᠢᠶᠠᠯᠠᠩ ᠤᠨ ᠪᠦᠲᠦᠭᠡᠭᠲᠡᠭᠦᠨ ᠤ ᠪᠠᠲᠤᠯᠠᠪᠤᠷᠢ ᠶᠢᠨ ᠲᠦᠪᠰᠢᠨ ᠢ ᠰᠢᠨᠵᠢᠯᠡᠬᠦ ᠤᠬᠠᠭᠠᠠᠴᠢ ᠪᠠᠷ ᠲᠤᠭᠲᠠᠭᠠᠵᠦ᠂ ᠪᠠᠲᠤᠯᠠᠪᠤᠷᠢ ᠶᠢᠨ ᠰᠢᠰᠲ᠋ᠧᠮ ᠢ ᠪᠠᠶᠢᠭᠤᠯᠤᠨ ᠲᠡᠭᠦᠯᠲᠡᠷᠵᠢᠭᠦᠯᠵᠦ᠂ ᠤᠯᠤᠰ ᠤᠨ ᠲᠤᠲᠤᠭᠠᠲᠤ ᠶᠢᠨ ᠠᠮᠤᠷ ᠲᠦᠪᠰᠢᠨ ᠤ ᠪᠠᠲᠤᠯᠠᠪᠤᠷᠢ ᠶᠢᠨ ᠴᠢᠲᠠᠪᠤᠷᠢ ᠶᠢ ᠲᠡᠭᠡᠭᠰᠢᠯᠡᠭᠦᠯᠦᠨ᠎ᠠ᠃ ᠲᠤᠲᠤᠷᠭ᠎ᠠ᠂ ᠪᠤᠭᠤᠲᠠᠢ ᠶᠢ ᠵᠠᠪᠠᠯ ᠪᠠᠲᠤᠯᠠᠬᠤ ᠲᠦᠷᠦᠯ ᠵᠦᠢᠯ ᠪᠤᠯᠭᠠᠵᠦ᠂ ᠡᠷᠲᠡᠨᠢ ᠰᠢᠰᠢ ᠶᠢᠨ ᠦᠢᠯᠡᠳᠪᠦᠷᠢᠯᠡᠯ ᠢ ᠲᠤᠭᠲᠠᠪᠤᠷᠢᠵᠢᠭᠤᠯᠤᠨ᠂ ᠠᠮᠤ ᠪᠤᠲᠠᠭ᠎ᠠ ᠶᠢ ᠦᠨᠲᠦᠰᠦᠨ ᠳᠡᠭᠡᠨ ᠦᠪᠡᠷ ᠢ ᠪᠠᠨ ᠬᠠᠩᠭᠠᠬᠤ ᠪᠤᠯᠭᠠᠵᠤ᠂ ᠠᠮᠤ ᠬᠦᠨᠡᠰᠦᠨ ᠤ ᠬᠠᠷᠢᠴᠠᠯᠠᠰᠢᠭᠦᠢ ᠠᠮᠤᠷ ᠲᠦᠪᠰᠢᠨ ᠪᠠᠶᠢᠬᠤ ᠶᠢ ᠪᠠᠲᠤᠯᠠᠨ᠎ᠠ᠃ ᠠᠮᠤ ᠪᠤᠲᠠᠭᠠᠠ ᠤ ᠠᠮᠤᠷ ᠲᠦᠪᠰᠢᠨ ᠤ ᠪᠠᠲᠤᠯᠠᠪᠤᠷᠢ ᠶᠢᠨ ᠬᠠᠤᠯᠢ ᠲᠤᠭᠲᠠᠭᠠᠯᠲᠠ ᠶᠢᠨ ᠠᠬᠢᠴᠠ ᠶᠢ ᠲᠦᠷᠭᠡᠳᠭᠡᠨ᠎ᠠ᠃ ᠶᠠᠰᠤ ᠴᠢᠨᠠᠷ ᠢ ᠲᠡᠭᠡᠭᠰᠢᠯᠡᠭᠦᠯᠦᠨ ᠦᠷ᠎ᠠ ᠠᠰᠢᠭ ᠢ ᠨᠡᠮᠡᠭᠲᠡᠭᠦᠯᠬᠦ ᠰᠠᠭᠤᠷᠢᠨ ᠲᠡᠭᠡᠷ᠎ᠠ᠂ ᠬᠦᠪᠦᠩ᠂ ᠲᠤᠰᠤᠨ ᠤ ᠲᠠᠷᠢᠮᠠᠯ᠂ ᠰᠢᠬᠢᠷ ᠤᠨ ᠲᠠᠷᠢᠮᠠᠯ᠂ ᠪᠠᠶᠢᠭᠠᠯᠢᠯᠢᠭ ᠭᠤᠮ ᠤᠨ ᠦᠢᠯᠡᠳᠪᠦᠷᠢᠯᠡᠯ ᠤᠨ ᠴᠢᠲᠠᠪᠤᠷᠢ ᠶᠢ ᠪᠠᠬᠢᠵᠢᠭᠦᠯᠦᠨ᠎ᠠ᠃ ᠬᠦᠲᠡᠭᠡ ᠠᠵᠦ ᠠᠬᠤᠢ ᠶᠢᠨ ᠭᠠᠷᠴᠤ ᠶᠠᠪᠤᠬᠤ ᠶᠢ ᠲᠦᠷᠭᠡᠡ ᠠᠬᠢᠭᠤᠯᠬᠤ ᠪᠦᠭᠡᠳ ᠲᠡᠮᠵᠢᠠ᠂ ︽ᠨᠢᠭᠡ ᠪᠦᠰᠡ ᠨᠢᠭᠡ ᠵᠠᠮ︾ ᠤᠨ ᠬᠦᠲᠡᠭᠡ ᠠᠵᠦ ᠠᠬᠤᠢ ᠶᠢᠨ ᠤᠯᠠᠠ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠠ᠂ ᠤᠯᠤᠰ ᠤᠨ ᠲᠤᠲᠤᠭᠠᠲᠤ ᠶᠢᠨ ᠪᠠᠴᠢᠮ ᠲᠤᠲᠠᠭᠲᠠᠵᠤ ᠪᠠᠶᠢᠭ᠎ᠠ ᠲᠡᠷᠢᠶᠡᠯᠡᠩ ᠤᠨ ᠪᠦᠲᠦᠭᠡᠭᠲᠡᠭᠦᠨ ᠤ ᠭᠠᠲᠠᠭᠠᠲᠤ ᠤᠷᠤᠭᠤᠯᠤᠯᠲᠠ ᠶᠢ ᠰᠠᠨᠠᠭᠠᠴᠢᠯᠠᠭ᠎ᠠ ᠠᠴᠠ ᠪᠠᠨ ᠦᠷᠭᠡᠳᠭᠡᠵᠦ᠂ ᠤᠯᠠᠠ ᠡᠰᠢᠴᠢᠯᠡᠭᠰᠡᠡ ᠭᠠᠲᠠᠭᠠᠲᠤ ᠤᠷᠤᠭᠤᠯᠤᠯᠲᠠ ᠶᠢᠨ ᠵᠠᠮ ᠰᠤᠪᠠᠭ ᠢ ᠦᠷᠭᠡᠳᠭᠡᠵᠦ᠂ ᠤᠯᠤᠰ ᠠᠯᠤᠰᠯᠠᠭᠰᠠᠠ ᠨᠢᠭᠡ ᠪᠦᠯᠦᠭ ᠬᠦᠲᠡᠭᠡ ᠠᠵᠦ ᠠᠬᠤᠢ ᠶᠢᠨ ᠠᠵᠦ ᠠᠬᠤᠢᠢᠯᠠᠯ ᠤᠨ ᠪᠦᠯᠦᠭᠯᠡᠯ ᠢ ᠪᠤᠶᠢᠵᠢᠭᠤᠯᠵᠦ᠂ ᠬᠦᠲᠡᠭᠡ ᠠᠵᠦ ᠠᠬᠤᠢ ᠶᠢᠨ ᠭᠠᠲᠠᠭᠠᠲᠤ ᠯᠤᠭ᠎ᠠ ᠶᠢᠨ ᠬᠠᠮᠲᠤᠷᠠᠯᠴᠠᠬᠤ ᠲᠦᠪᠰᠢᠨ ᠢ ᠲᠡᠭᠡᠭᠰᠢᠯᠡᠭᠦᠯᠦᠨ᠎ᠠ᠃ ᠬᠦᠲᠡᠭᠡ ᠠᠵᠦ ᠠᠬᠤᠢ ᠶᠢᠨ ᠪᠦᠲᠦᠭᠡᠭᠲᠡᠭᠦᠨ ᠢ ᠨᠢᠭᠤᠴᠠ ᠪᠠᠷ ᠠᠷᠠᠯᠵᠢᠶᠠᠯᠠᠬᠤ ᠶᠢ ᠶᠡᠷᠦᠩᠭᠡᠶᠢᠯᠡᠡ ᠵᠠᠰᠠᠬᠤ ᠡᠷᠴᠢᠮ ᠢ ᠴᠢᠩᠭᠠᠷᠠᠭᠤᠯᠤᠨ᠎ᠠ᠃
    ᠭᠤᠷᠪᠠ᠂ ᠬᠦᠲᠡᠭᠡ ᠲᠤᠰᠬᠤᠨ ᠤ ᠪᠦᠲᠦᠭᠡᠡ ᠪᠠᠶᠢᠭᠤᠯᠤᠯᠲᠠ ᠶᠢ ᠯᠠᠪᠲᠠᠭᠤᠨ ᠪᠠᠲᠤᠲᠠᠢ ᠠᠬᠢᠭᠤᠯᠵᠦ᠂ ᠬᠦᠲᠡᠭᠡ ᠲᠤᠰᠬᠤᠨ ᠤ ᠬᠦᠮᠦᠨ ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠪᠤᠯᠤᠨ ᠤᠯᠠᠠ ᠨᠡᠶᠢᠲᠡ ᠶᠢᠨ ᠦᠢᠯᠡᠴᠢᠯᠡᠭᠡ ᠶᠢᠨ ᠲᠤᠲᠠᠭᠤᠲᠠᠯ ᠢ ᠲᠦᠷᠭᠡᠡ ᠨᠦᠬᠦᠪᠦᠷᠢᠯᠡᠨ᠎ᠠ
    ︵ᠨᠢᠭᠡ︶ ᠬᠦᠲᠡᠭᠡ ᠲᠤᠰᠬᠤᠨ ᠤ ᠬᠦᠮᠦᠨ ᠠᠷᠠᠳ ᠤᠨ ᠤᠷᠤᠰᠢᠠ ᠰᠠᠭᠤᠬᠤ ᠤᠷᠴᠢᠨ ᠲᠤᠭᠤᠷᠢᠨ ᠢ ᠴᠡᠭᠴᠡᠯᠡᠡ ᠵᠠᠰᠠᠬᠤ ᠭᠤᠷᠪᠠᠠ ᠵᠢᠯ ᠤᠨ ᠠᠵᠢᠯᠯᠠᠭ᠎ᠠ ᠶᠢ ᠰᠠᠶᠢᠲᠤᠷ ᠠᠳᠬᠤᠨ᠎ᠠ᠃ ᠵᠧᠵᠢᠶᠠᠩ ᠤᠨ ︽ᠮᠢᠩᠭᠠᠠ ᠲᠤᠰᠬᠤᠨ ᠢᠶᠠᠷ ᠵᠢᠱᠢᠶ᠎ᠠ ᠦᠵᠡᠭᠦᠯᠵᠦ᠂ ᠲᠦᠮᠡᠡ ᠲᠤᠰᠬᠤᠨ ᠢ ᠴᠡᠭᠴᠡᠯᠡᠡ ᠵᠠᠰᠠᠬᠤ︾ ᠢᠨᠵᠧᠨᠧᠷᠢᠩ ᠤᠨ ᠲᠤᠷᠰᠢᠯᠭ᠎ᠠ ᠶᠢ ᠬᠦᠨᠵᠡᠭᠡᠢ ᠰᠤᠷᠤᠯᠴᠠᠠ ᠲᠡᠯᠭᠡᠷᠡᠭᠦᠯᠵᠦ᠂ ᠬᠦᠲᠡᠭᠡ ᠲᠤᠰᠬᠤᠨ ᠤ ᠬᠤᠭ ᠨᠤᠪᠰᠢ ᠪᠤᠬᠢᠷ ᠤᠰᠤ ᠶᠢ ᠵᠠᠰᠠᠬᠤ᠂ ᠵᠤᠷᠯᠤᠩ ᠤᠨ ᠬᠤᠪᠢᠰᠬᠠᠯ ᠪᠤᠯᠤᠨ ᠲᠤᠰᠬᠤᠨ ᠤ ᠲᠦᠷᠰᠦ ᠪᠠᠶᠢᠲᠠᠯ ᠢ ᠰᠠᠶᠢᠵᠢᠷᠠᠭᠤᠯᠬᠤ ᠪᠠᠷ ᠭᠤᠤᠯᠲᠠᠯᠭ᠎ᠠ ᠪᠤᠯᠭᠠᠭᠰᠠᠠ ᠬᠦᠲᠡᠭᠡ ᠲᠤᠰᠬᠤᠨ ᠤ ᠬᠦᠮᠦᠨ ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠤ ᠴᠡᠭᠴᠡᠯᠡᠡ ᠵᠠᠰᠠᠯᠲᠠ ᠶᠢ ᠪᠦᠬᠦ ᠲᠠᠯ᠎ᠠ ᠪᠠᠷ ᠭᠡᠷᠡᠭᠵᠢᠭᠦᠯᠵᠦ᠂ 2020 ᠤᠨ ᠪᠤᠯᠬᠤ ᠳᠤ ᠬᠦᠲᠡᠭᠡ ᠲᠤᠰᠬᠤᠨ ᠤ ᠬᠦᠮᠦᠨ ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠱᠠᠲᠤᠴᠢ ᠴᠢᠨᠠᠷ ᠲᠠᠢ ᠮᠡᠲᠡᠭᠲᠡᠮ᠎ᠠ ᠰᠠᠶᠢᠵᠢᠷᠠᠭᠤᠯᠬᠤ ᠶᠢ ᠪᠠᠲᠤᠯᠠᠵᠦ᠂ ᠠᠶᠢᠯ ᠲᠤᠰᠬᠤᠨ ᠤ ᠤᠷᠴᠢᠨ ᠲᠤᠭᠤᠷᠢᠨ ᠢ ᠦᠨᠲᠦᠰᠦᠠ ᠳᠡᠭᠡᠨ ᠠᠷᠢᠭᠤᠠ ᠴᠡᠪᠡᠷ ᠲᠡᠷᠢ ᠲᠡᠭᠰᠢ ᠡᠮᠬᠢ ᠲᠢᠭᠯᠢᠮ ᠲᠠᠢ ᠪᠤᠯᠭᠠᠵᠤ᠂ ᠲᠤᠰᠬᠤᠠ ᠤ ᠠᠷᠠᠳ ᠤᠨ ᠤᠷᠴᠢᠨ ᠲᠤᠭᠤᠷᠢᠨ ᠪᠤᠯᠤᠨ ᠡᠷᠡᠭᠦᠯ ᠮᠡᠨᠳᠦ ᠶᠢᠨ ᠲᠤᠬᠠᠢ ᠤᠬᠠᠮᠰᠠᠷ ᠢ ᠨᠡᠶᠢᠲᠡᠮ ᠳᠡᠭᠡᠨ ᠴᠢᠩᠭᠠᠷᠠᠭᠤᠯᠤᠨ᠎ᠠ᠃ ᠡᠯ᠎ᠠ ᠭᠠᠵᠠᠷ ᠤᠨ ᠬᠢᠨ ᠢ ᠪᠤᠲᠠᠲᠠᠢ ᠪᠠᠶᠢᠲᠠᠯ ᠳᠠᠭᠠᠨ ᠰᠠᠭᠤᠷᠢᠯᠠᠠ᠂ ᠭᠠᠵᠠᠷ ᠤᠷᠤᠨ ᠤ ᠪᠠᠶᠢᠲᠠᠯ ᠳᠠᠭᠠᠨ ᠵᠤᠬᠢᠴᠠᠭᠤᠯᠵᠦ ᠪᠠᠶᠢᠭᠠᠳ ᠲᠦᠭᠦᠮ ᠪᠦᠭᠡᠳ ᠭᠡᠷᠡᠭᠵᠢᠭᠦᠯᠬᠦ ᠳᠤ ᠬᠢᠯᠪᠠᠷ᠂ ᠤᠷᠲᠤ ᠬᠤᠭᠤᠴᠠᠭ᠎ᠠ ᠲᠤᠰᠠᠲᠠᠢ ᠪᠠᠶᠢᠬᠤ ᠴᠡᠭᠴᠡᠯᠡᠡ ᠵᠠᠰᠠᠬᠤ ᠵᠠᠭᠪᠤᠷ ᠢ ᠵᠦᠢ ᠵᠤᠬᠢᠰᠲᠠᠢ ᠪᠠᠷ ᠰᠤᠩᠭᠤᠬᠤ ᠶᠢ ᠲᠡᠮᠵᠢᠵᠤ᠂ ᠮᠡᠷᠭᠡᠵᠢᠯ ᠤᠨ ᠬᠦᠴᠢᠷ ᠠᠰᠠᠭᠤᠲᠠᠯ ᠢ ᠲᠦᠪᠯᠡᠷᠡᠭᠦᠯᠦᠨ ᠪᠤᠭᠤᠮᠲᠠ ᠰᠢᠪᠲᠤᠯᠤᠨ᠎ᠠ᠃ ᠤᠷᠤᠨ ᠨᠤᠲᠤᠭ ᠢᠶᠠᠷ ᠭᠤᠤᠯᠲᠠᠭᠤᠯᠤᠭᠰᠠᠠ᠂ ᠲᠦᠪ ᠠᠴᠠ ᠨᠦᠬᠦᠪᠦᠷᠢᠯᠡᠬᠦ ᠲᠦᠷᠦ ᠶᠢᠨ ᠪᠤᠲᠤᠯᠭ᠎ᠠ ᠶᠢᠨ ᠤᠷᠤᠭᠤᠯᠤᠯᠲᠠ ᠶᠢᠨ ᠲᠤᠭᠲᠠᠴᠠ ᠶᠢ ᠪᠠᠶᠢᠭᠤᠯᠤᠨ᠎ᠠ᠃ ᠲᠦᠪ ᠤᠨ ᠡᠳ᠋ ᠤᠨ ᠵᠠᠰᠠᠭ ᠠᠴᠠ ᠬᠦᠲᠡᠭᠡ ᠲᠤᠰᠬᠤᠨ ᠤ ᠵᠤᠷᠯᠤᠩ ᠤᠨ ᠬᠤᠪᠢᠰᠬᠠᠯ ᠢ ᠪᠦᠬᠦ ᠲᠤᠰᠬᠤᠨ ᠢᠶᠠᠷ ᠨᠢ ᠠᠬᠢᠭᠤᠯᠬᠤ ᠵᠡᠷᠭᠡ ᠳᠤ ᠨᠦᠬᠦᠪᠦᠷᠢ ᠦᠭᠴᠤ᠂ ᠬᠦᠲᠡᠭᠡ ᠲᠤᠰᠬᠤᠨ ᠤ ᠬᠦᠮᠦᠨ ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠡ ᠵᠠᠰᠠᠭᠰᠠᠠ ᠲᠡᠷᠢᠭᠦᠠ ᠤ ᠰᠢᠶᠠᠠ ᠢ ᠱᠠᠩᠨᠠᠠ ᠬᠦᠬᠢᠭᠦᠯᠦᠨ᠎ᠠ᠃ ᠲᠦᠪ ᠤᠨ ᠲᠦᠰᠦᠪ ᠤᠨ ᠲᠤᠲᠤᠷᠠᠬᠢ ᠪᠡᠯᠡ ᠤᠷᠤᠭᠤᠯᠤᠯᠲᠠ ᠳᠤ ᠬᠦᠲᠡᠭᠡ ᠲᠤᠰᠬᠤᠨ ᠤ ᠬᠦᠮᠦᠨ ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠤ ᠴᠡᠭᠴᠡᠯᠡᠡ ᠵᠠᠰᠠᠯᠲᠠ ᠶᠢ ᠲᠤᠰᠬᠠᠢ ᠪᠡᠯᠡ ᠮᠦᠩᠭᠦ ᠪᠠᠷ ᠲᠡᠮᠵᠢᠬᠦ ᠶᠢ ᠲᠤᠬᠢᠷᠠᠭᠤᠯᠤᠨ᠎ᠠ᠃ ᠰᠢᠶᠠᠠ ᠤ ᠱᠠᠲᠤ ᠲᠤᠭᠲᠠᠭᠠᠯ ᠶᠤᠰᠤᠭᠠᠷ ᠬᠤᠯᠪᠤᠭᠲᠠᠯ ᠪᠦᠬᠦᠢ ᠪᠡᠯᠡ ᠮᠦᠩᠭᠦ ᠶᠢ ᠨᠢᠭᠡᠲᠦᠯᠲᠡᠢ ᠲᠦᠯᠦᠪᠵᠢᠭᠦᠯᠦᠨ ᠨᠡᠶᠢᠳᠭᠡᠵᠤ᠂ ᠬᠦᠲᠡᠭᠡ ᠲᠤᠰᠬᠤᠨ ᠤ ᠬᠦᠮᠦᠨ ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠤ ᠴᠡᠭᠴᠡᠯᠡᠠ ᠵᠠᠰᠠᠯᠲᠠ ᠳᠤ ᠲᠦᠪᠯᠡᠷᠡᠭᠦᠯᠦᠨ ᠭᠡᠷᠡᠭᠯᠡᠬᠦ ᠶᠢ ᠵᠦᠪᠰᠢᠶᠡᠷᠡᠨ᠎ᠡ᠃ ᠨᠡᠶᠢᠭᠡᠮ ᠤᠨ ᠬᠦᠴᠤᠨ ᠤ ᠢᠲᠡᠪᠬᠢᠲᠠᠢ ᠤᠷᠤᠯᠴᠠᠯᠭ᠎ᠠ ᠶᠢ ᠵᠤᠷᠢᠠᠠᠵᠢᠭᠤᠯᠵᠦ᠂ ᠬᠦᠲᠡᠭᠡ ᠲᠤᠰᠬᠤᠨ ᠤ ᠬᠦᠮᠦᠨ ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠤ ᠴᠡᠭᠴᠡᠯᠡᠠ ᠵᠠᠰᠠᠯᠲᠠ ᠪᠤᠯᠤᠨ ᠬᠦᠲᠡᠭᠡ ᠲᠤᠰᠬᠤᠨ ᠤ ᠰᠡᠯᠡᠭᠦᠴᠡᠯ ᠵᠢᠭᠤᠯᠴᠢᠯᠠᠯ ᠤᠨ ᠬᠦᠭᠵᠢᠯᠲᠠ ᠶᠢ ᠤᠷᠭᠠᠨᠢᠭ ᠢᠶᠠᠷ ᠤᠶᠠᠯᠲᠤᠭᠤᠯᠤᠨ᠎ᠠ᠃ ᠠᠶᠢᠯ ᠲᠤᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠶᠢ ᠦᠷᠭᠡᠡ ᠢᠶᠠᠷ ᠦᠷᠨᠢᠭᠦᠯᠤᠨ᠎ᠠ᠃ ᠦᠵᠡᠰᠭᠦᠯᠡᠩ ᠰᠠᠶᠢᠬᠠᠠ ᠤᠷᠤᠰᠢᠨ ᠰᠠᠭᠤᠬᠤ ᠳᠤ ᠲᠠᠭᠠᠯᠠᠮᠵᠢᠲᠠᠢ ᠠᠶᠢᠯ ᠲᠤᠰᠬᠤᠨ ᠪᠤᠯᠤᠨ ᠭᠤᠶᠤ ᠰᠠᠶᠢᠬᠠᠠ ᠬᠦᠷᠢᠶ᠎ᠠ ᠬᠠᠰᠢᠶ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠦᠷᠨᠢᠭᠦᠯᠦᠨ᠎ᠠ᠃ ᠬᠦᠲᠡᠭᠡ ᠲᠤᠰᠬᠤᠨ ᠤ ᠬᠦᠮᠦᠨ ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠡ ᠵᠠᠰᠠᠬᠤ ᠠᠵᠢᠯ ᠢ ᠬᠦᠲᠡᠭᠡ ᠲᠤᠰᠬᠤᠨ ᠤ ᠠᠵᠦ ᠠᠬᠤᠢ ᠶᠢᠨ ᠬᠦᠭᠵᠢᠯᠲᠠ ᠶᠢᠨ ᠲᠦᠪᠰᠢᠨ ᠲᠠᠢ ᠬᠠᠷᠢᠯᠴᠠᠠ ᠵᠤᠬᠢᠴᠠᠭᠤᠯᠵᠦ᠂ ᠲᠤᠰ ᠭᠠᠵᠠᠷ ᠤᠨ ᠰᠤᠶᠤᠯ ᠪᠤᠯᠤᠨ ᠬᠦᠮᠦᠨ ᠠᠷᠠᠳ ᠤᠨ ᠵᠠᠩ ᠵᠠᠩᠰᠢᠯ ᠲᠠᠢ ᠵᠤᠬᠢᠴᠠᠯ ᠲᠠᠢ ᠪᠤᠯᠭᠠᠵᠤ᠂ ᠪᠤᠲᠠᠲᠤ ᠠᠮᠵᠢᠯᠲᠠ ᠶᠢ ᠴᠢᠬᠤᠯᠠᠴᠢᠯᠠᠠ᠂ ᠦᠩᠭᠡᠠ ᠲᠠᠯ᠎ᠠ ᠶᠢᠨ ᠠᠵᠢᠯ ᠬᠢᠬᠦ ᠶᠢ ᠰᠡᠷᠭᠡᠶᠢᠯᠡᠨ᠎ᠡ᠃
    ︵ᠬᠤᠶᠠᠷ︶ ᠠᠶᠢᠯ ᠲᠤᠰᠬᠤᠨ ᠤ ᠰᠠᠭᠤᠷᠢ ᠲᠤᠨᠤᠭ ᠲᠦᠬᠦᠭᠡᠷᠦᠮᠵᠢ ᠶᠢᠨ ᠪᠦᠲᠦᠭᠡᠡ ᠪᠠᠶᠢᠭᠤᠯᠤᠯᠲᠠ ᠶᠢᠨ ᠢᠨᠵᠧᠨᠧᠷᠢᠩ ᠢ ᠭᠡᠷᠡᠭᠵᠢᠭᠦᠯᠦᠨ᠎ᠠ᠃ ᠬᠦᠲᠡᠭᠡ ᠲᠤᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠲᠡᠭᠡᠭᠰᠢᠯᠡᠭᠦᠯᠬᠦ ᠢᠨᠵᠧᠨᠧᠷᠢᠩ ᠢ ᠠᠬᠢᠭᠤᠯᠵᠦ᠂ ᠬᠦᠲᠡᠭᠡ ᠲᠤᠰᠬᠤᠨ ᠤ ᠤᠤᠭᠤᠬᠤ ᠤᠰᠤᠨ ᠤ ᠤᠰᠤᠨ ᠰᠤᠷᠪᠤᠯᠵᠢ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠠ᠂ ᠬᠦᠲᠡᠭᠡ ᠲᠤᠰᠬᠤᠨ ᠤ ᠤᠤᠭᠤᠬᠤ ᠤᠰᠤᠨ ᠤ ᠬᠦᠴᠢᠷ ᠠᠰᠠᠭᠤᠲᠠᠯ ᠪᠠ ᠤᠤᠭᠤᠬᠤ ᠤᠰᠤᠨ ᠤ ᠠᠮᠤᠷ ᠲᠦᠪᠰᠢᠨ ᠪᠤᠰᠤ ᠪᠠᠶᠢᠬᠤ ᠠᠰᠠᠭᠤᠲᠠᠯ ᠢ ᠲᠦᠷᠭᠡᠡ ᠰᠢᠢᠳᠪᠦᠷᠢᠯᠡᠨ᠎ᠠ᠃ ︽ᠲᠦᠷᠪᠡᠡ ᠰᠠᠶᠢᠨ ᠬᠦᠲᠡᠭᠡ ᠲᠤᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢ ᠪᠦᠬᠦ ᠲᠡᠯ᠎ᠠ ᠪᠠᠷ ᠠᠬᠢᠭᠤᠯᠵᠦ᠂ ︽ᠵᠠᠮ ᠤᠨ ᠲᠠᠷᠤᠭ᠎ᠠ ᠶᠢᠨ ᠲᠦᠷᠢᠮ︾ ᠪᠤᠯᠤᠨ ᠵᠢᠱᠢᠶ᠎ᠠ ᠦᠵᠡᠭᠦᠯᠬᠦ ᠰᠢᠶᠠᠠ ᠤ ᠭᠡᠷᠡᠭᠵᠢᠭᠦᠯᠦᠯᠲᠠ ᠶᠢᠨ ᠡᠷᠴᠢᠮ ᠢ ᠴᠢᠩᠭᠠᠷᠠᠭᠤᠯᠤᠨ᠂ ᠨᠦᠬᠦᠴᠡᠯ ᠪᠦᠷᠢᠯᠲᠦᠭᠰᠡᠡ ᠪᠠᠶᠢᠭᠤᠯᠤᠮᠵᠢ ᠶᠢᠨ ᠲᠦᠷᠢᠮᠲᠦ ᠲᠤᠰᠬᠤᠨ ᠳᠤ ᠪᠦᠷ ᠬᠠᠲᠠᠭᠤᠷᠠᠭᠤᠯᠤᠭᠰᠠᠠ ᠵᠠᠮ ᠨᠡᠪᠲᠡᠷᠡᠭᠦᠯᠵᠦ᠂ ᠨᠦᠬᠦᠴᠠᠯ ᠲᠠᠢ ᠭᠠᠵᠠᠷ ᠤᠷᠤᠨ ᠠᠶᠢᠯ ᠲᠤᠰᠬᠤᠨ ᠳᠤ ᠬᠦᠷᠲᠡᠯ᠎ᠠ ᠨᠡᠪᠲᠡᠷᠡᠭᠦᠯᠦᠨ᠎ᠡ᠃ ᠲᠤᠰᠬᠤᠨ ᠤ ᠲᠤᠳᠤᠷᠠᠬᠢ ᠵᠠᠮ ᠬᠠᠷᠢᠯᠴᠠᠭᠠᠨ ᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ ᠭᠦᠳᠡᠭᠡ ᠲᠤᠰᠬᠤᠨ ᠤ ᠴᠠᠬᠢᠯᠭᠠᠨᠵᠢᠭᠤᠯᠤᠯᠲᠠ ᠶᠢ ᠲᠡᠭᠡᠭᠰᠢᠯᠡᠬᠦᠯᠬᠦ ᠢᠨᠵᠧᠨᠧᠷᠢᠩ ᠢ ᠪᠦᠭᠦ ᠲᠠᠯ᠎ᠠ ᠪᠠᠷ ᠭᠡᠷᠡᠭᠵᠢᠭᠦᠯᠵᠤ᠂ ᠭᠦᠳᠡᠭᠡ ᠲᠤᠰᠬᠤᠨ ᠤ ᠰᠢᠨ᠎ᠡ ᠨᠢᠭᠡ ᠡᠭᠡᠯᠵᠢ ᠶᠢᠨ ᠴᠠᠬᠢᠯᠭᠠᠨ ᠲᠤᠤᠷ ᠤᠨ ᠦᠭᠡᠷᠡᠴᠢᠯᠠᠯᠳᠠ ᠶᠢ ᠲᠦᠷᠭᠡᠪᠴᠢᠯᠠᠨ ᠪᠡᠶᠠᠯᠠᠭᠦᠯᠤᠨ᠎ᠠ᠃ ᠰᠢᠶᠠᠨ ᠰᠢᠶᠠᠩ ᠲᠤᠰᠬᠤᠨ ᠤ ᠪᠤᠳᠠᠰ ᠤᠨ ᠭᠦᠢᠯᠭᠡᠭᠡᠨ ᠤ ᠰᠠᠭᠤᠷᠢ ᠲᠦᠭᠦᠭᠡᠷᠤᠮᠵᠢ ᠶᠢᠨ ᠰᠦᠯᠵᠢᠶ᠎ᠠ ᠶᠢ ᠲᠡᠭᠦᠯᠳᠡᠷᠵᠢᠭᠦᠯᠵᠤ᠂ ᠭᠠᠷᠤᠯᠳᠠ ᠶᠢᠨ ᠤᠷᠤᠨ ᠤ ᠭᠦᠳᠡᠭᠡ ᠠᠵᠤ ᠠᠬᠤᠢ ᠶᠢᠨ ᠪᠦᠳᠤᠭᠡᠭᠳᠡᠭᠦᠨ ᠢ ᠨᠦᠭᠡᠴᠡᠯᠡᠵᠤ ᠬᠠᠲᠠᠭᠠᠯᠠᠨ ᠰᠢᠨ᠎ᠠ ᠰᠤᠷᠭᠤᠭ ᠢ ᠪᠠᠳᠤᠯᠠᠬᠤ᠂ ᠲᠡᠰ ᠬᠤᠪᠢᠶᠠᠨ ᠪᠤᠭᠤᠳᠠᠯᠯᠠᠬᠤ ᠲᠦᠭᠦᠭᠡᠷᠤᠮᠵᠢ ᠪᠠᠶᠢᠭᠤᠯᠬᠤ ᠶᠢ ᠲᠡᠮᠵᠢᠵᠤ᠂ ᠠᠵᠤ ᠠᠬᠤᠢᠢᠯᠠᠯ ᠤᠨ ᠬᠢᠨ ᠰᠢᠶᠠᠨ ᠰᠢᠶᠠᠩ ᠪᠤᠯᠤᠨ ᠨᠦᠭᠦᠴᠡᠯ ᠪᠦᠷᠢᠯᠳᠤᠭᠦᠯᠦᠭᠰᠡᠨ ᠲᠤᠰᠬᠤᠨ ᠳᠤ ᠪᠤᠳᠠᠰ ᠤᠨ ᠭᠦᠢᠯᠭᠡᠭᠡᠨ ᠤ ᠲᠤᠬᠢᠷᠠᠭᠤᠯᠤᠨ ᠭᠦᠷᠭᠡᠭᠦ ᠰᠦᠯᠵᠢᠶᠠᠨ ᠤ ᠴᠡᠭ ᠪᠠᠶᠢᠭᠤᠯᠬᠤ ᠶᠢ ᠵᠤᠷᠢᠭᠵᠢᠭᠤᠯᠤᠨ᠎ᠠ᠃ ᠦᠷᠭᠡᠨ ᠪᠦᠰᠡᠳᠤ ᠰᠦᠯᠵᠢᠶ᠎ᠠ ᠲᠤᠰᠬᠤᠨ ᠳᠤ ᠤᠷᠤᠬᠤ ᠶᠢ ᠲᠦᠷᠭᠡᠪᠴᠢᠯᠠᠨ ᠠᠬᠢᠭᠤᠯᠵᠤ᠂ ᠬᠤᠷᠳᠤᠴᠠ ᠶᠢ ᠨᠡᠮᠡᠭᠳᠠᠭᠦᠯᠵᠤ ᠰᠦᠢᠳᠭᠡᠯ ᠢ ᠪᠠᠭᠤᠷᠠᠭᠤᠯᠬᠤ ᠶᠢ ᠠᠬᠢᠭᠤᠯᠤᠨ᠎ᠠ᠃ ᠭᠦᠳᠡᠭᠡ ᠲᠤᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠵᠠᠰᠠᠬᠤ ᠶᠢ ᠦᠷᠭᠦᠯᠵᠢᠯᠠᠨ ᠠᠬᠢᠭᠤᠯᠤᠨ᠎ᠠ᠃ ᠲᠤᠰᠬᠤᠨ ᠤ ᠰᠠᠭᠤᠷᠢ ᠲᠦᠭᠦᠭᠡᠷᠤᠮᠵᠢ ᠶᠢ ᠪᠦᠲᠦᠭᠡᠨ ᠪᠠᠶᠢᠭᠤᠯᠬᠤ ᠬᠢᠨᠠᠨ ᠬᠠᠮᠢᠶᠠᠷᠬᠤ ᠤᠷᠲᠦ ᠬᠤᠭᠤᠴᠠᠭ᠎ᠠ ᠪᠠᠷ ᠪᠦᠲᠦᠮᠵᠢᠲᠠᠢ ᠪᠠᠶᠢᠬᠤ ᠲᠤᠭᠳᠠᠴᠠ ᠶᠢ ᠪᠠᠶᠢᠭᠤᠯᠤᠨ ᠪᠦᠷᠢᠨᠰᠢᠭᠦᠯᠵᠤ᠂ ᠡᠯ᠎ᠠ ᠲᠠᠯ᠎ᠠ ᠶᠢᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠲᠤᠳᠤᠷᠬᠠᠢᠢᠯᠠᠵᠤ᠂ ᠭᠠᠵᠠᠷ ᠤᠷᠤᠨ ᠤ ᠬᠠᠮᠢᠶᠠᠷᠴᠤ ᠬᠠᠮᠠᠭᠠᠯᠠᠬᠤ ᠰᠦᠢᠳᠭᠡᠯ ᠢ ᠡᠳ᠋ ᠤᠨ ᠵᠠᠰᠠᠭ ᠤᠨ ᠲᠦᠰᠤᠪ ᠲᠡᠭᠡᠨ ᠤᠷᠤᠭᠤᠯᠬᠤ ᠶᠢ ᠲᠡᠮᠵᠢᠨ᠎ᠠ᠃
    ︵ᠭᠤᠷᠪᠠ︶ ᠭᠦᠳᠡᠭᠡ ᠲᠤᠰᠬᠤᠨ ᠤ ᠤᠯᠠᠨ ᠨᠡᠶᠢᠳᠠ ᠶᠢᠨ ᠦᠢᠯᠡᠴᠢᠯᠠᠭᠡᠨ ᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠭᠦᠳᠡᠭᠡ ᠲᠤᠰᠬᠤᠨ ᠤ ᠰᠤᠷᠭᠠᠨ ᠭᠦᠮᠤᠵᠢᠯ᠂ ᠡᠮ ᠡᠮᠨᠡᠯᠬᠡ ᠡᠷᠡᠬᠦᠯ ᠬᠠᠮᠠᠭᠠᠯᠠᠯ᠂ ᠨᠡᠶᠢᠭᠡᠮ ᠤᠨ ᠪᠠᠲᠤᠯᠠᠪᠤᠷᠢ᠂ ᠨᠠᠰᠤᠵᠢᠯ ᠤᠨ ᠠᠰᠠᠷᠠᠮᠵᠢ᠂ ᠰᠤᠶᠤᠯ ᠲᠠᠮᠢᠷ ᠵᠡᠷᠭᠡ ᠤᠯᠠᠨ ᠨᠡᠶᠢᠳᠠ ᠶᠢᠨ ᠦᠢᠯᠡᠴᠢᠯᠡᠭᠡᠨ ᠤ ᠲᠦᠪᠰᠢᠨ ᠢ ᠪᠦᠭᠦ ᠲᠠᠯ᠎ᠠ ᠪᠠᠷ ᠲᠡᠭᠡᠭᠰᠢᠯᠡᠭᠦᠯᠵᠤ᠂ ᠬᠤᠳᠠ ᠭᠦᠳᠡᠭᠡ ᠶᠢᠨ ᠦᠨᠳᠤᠰᠤᠨ ᠤᠯᠠᠨ ᠨᠡᠶᠢᠳᠠ ᠶᠢᠨ ᠦᠢᠯᠡᠴᠢᠯᠡᠭᠡᠨ ᠤ ᠳᠡᠩᠴᠡᠬᠦᠷᠢᠰᠢᠬᠦᠯᠤᠯᠳᠠ ᠶᠢ ᠲᠦᠷᠭᠡᠪᠴᠢᠯᠠᠨ ᠠᠬᠢᠭᠤᠯᠤᠨ᠎ᠠ᠃ ᠬᠤᠳᠠ ᠭᠦᠳᠡᠭᠡ ᠶᠢᠨ ᠠᠯᠪᠠᠨ ᠵᠢᠷᠤᠮ ᠤᠨ ᠰᠤᠷᠭᠠᠨ ᠭᠦᠮᠤᠵᠢᠯ ᠢ ᠨᠢᠭᠡ ᠴᠤᠭᠴᠠᠵᠢᠭᠤᠯᠤᠨ ᠭᠦᠭᠵᠢᠭᠦᠯᠭᠦ ᠶᠢ ᠠᠬᠢᠭᠤᠯᠵᠤ᠂ ᠭᠦᠳᠡᠭᠡ ᠲᠤᠰᠬᠤᠨ ᠤ ᠠᠯᠪᠠᠨ ᠵᠢᠷᠤᠮ ᠤᠨ ᠰᠤᠷᠭᠠᠨ ᠭᠦᠮᠤᠵᠢᠯ ᠤᠨ ᠱᠠᠲᠤᠨ ᠤ ᠰᠤᠷᠤᠭᠴᠢᠳ ᠤᠨ ᠰᠢᠮ᠎ᠠ ᠲᠡᠵᠢᠭᠡᠯ ᠢ ᠰᠠᠶᠢᠵᠢᠷᠠᠭᠤᠯᠬᠤ ᠲᠦᠯᠤᠪᠯᠡᠭᠡ ᠶᠢ ᠭᠦᠨᠵᠡᠭᠡᠢ ᠭᠡᠷᠡᠭᠵᠢᠭᠦᠯᠤᠨ᠎ᠠ᠃ ᠦᠨᠳᠤᠷ ᠵᠡᠷᠭᠡ ᠶᠢᠨ ᠰᠤᠷᠭᠠᠨ ᠭᠦᠮᠤᠵᠢᠯ ᠤᠨ ᠬᠤᠭᠤᠴᠠᠭᠠᠨ ᠳᠠᠬᠢ ᠰᠤᠷᠭᠠᠨ ᠭᠦᠮᠤᠵᠢᠯ ᠢ ᠲᠦᠭᠡᠮᠡᠯᠵᠢᠭᠦᠯᠭᠦ ᠵᠢᠴᠢ ᠪᠤᠭᠤᠮᠳᠠ ᠰᠢᠪᠳᠤᠯᠬᠤ ᠲᠦᠯᠤᠪᠯᠡᠭᠡ ᠶᠢ ᠭᠡᠷᠡᠭᠵᠢᠭᠦᠯᠵᠤ᠂ ᠭᠦᠳᠡᠭᠡ ᠲᠤᠰᠬᠤᠨ ᠤ ᠭᠡᠤᠭᠡᠳ ᠤᠨ ᠡᠷᠡᠭᠦᠯ ᠮᠡᠨᠳᠤ ᠶᠢ ᠰᠠᠶᠢᠵᠢᠷᠠᠭᠤᠯᠬᠤ ᠪᠤᠯᠤᠨ ᠪᠠᠯᠴᠢᠷ ᠪᠠᠭ᠎ᠠ ᠶᠢᠨ ᠦᠶ᠎ᠠ ᠶᠢᠨ ᠰᠤᠷᠭᠠᠨ ᠭᠦᠮᠤᠵᠢᠯ᠂ ᠰᠤᠷᠭᠠᠭᠤᠯᠢ ᠶᠢᠨ ᠨᠠᠰᠤᠨ ᠠᠴᠠ ᠡᠮᠤᠨᠡᠬᠢ ᠰᠤᠷᠭᠠᠨ ᠭᠦᠮᠤᠵᠢᠯ ᠢ ᠴᠢᠩᠭᠠᠳᠬᠠᠨ᠎ᠠ᠃ ᠭᠦᠳᠡᠭᠡ ᠲᠤᠰᠬᠤᠨ ᠤ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠦᠷᠤᠭᠡ ᠶᠢ ᠲᠦᠷᠭᠡᠪᠴᠢᠯᠠᠨ ᠪᠠᠶᠢᠭᠤᠯᠵᠤ᠂ ᠪᠦᠷᠢᠨ ᠰᠠᠯᠠᠭᠠᠨ ᠤ ᠡᠮᠴᠢ ᠶᠢᠨ ᠤᠨᠴᠠᠭᠠᠢ ᠠᠵᠢᠯ ᠤᠨ ᠪᠠᠶᠢᠷᠢ ᠶᠢᠨ ᠲᠦᠯᠤᠪᠯᠡᠭᠡ ᠶᠢ ᠭᠡᠷᠡᠭᠵᠢᠭᠦᠯᠤᠨ᠎ᠠ᠃ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠨᠢᠭᠡᠳᠤᠯᠳᠠᠢ ᠦᠨᠳᠤᠰᠤᠨ ᠡᠮᠴᠢᠯᠡᠭᠡᠨ ᠤ ᠳᠠᠭᠠᠳᠬᠠᠯ ᠤᠨ ᠲᠦᠷᠢᠮ ᠢ ᠪᠠᠶᠢᠭᠤᠯᠤᠨ ᠪᠦᠷᠢᠨᠰᠢᠭᠦᠯᠵᠤ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠲᠠᠭᠠᠳᠬᠠᠯ ᠢ ᠢᠵᠢᠯᠢ ᠠᠯᠬᠤᠮ ᠢᠶᠠᠷ ᠨᠡᠶᠢᠳᠭᠡᠨ᠎ᠠ᠃ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠤᠰᠤᠨ ᠨᠠᠰᠤᠵᠢᠯ ᠤᠨ ᠳᠠᠭᠠᠳᠬᠠᠯ ᠤᠨ ᠤᠯᠭᠤᠮᠵᠢ ᠶᠢ ᠲᠤᠭᠳᠠᠭᠠᠬᠤ ᠪᠠ ᠦᠨᠳᠤᠰᠤᠨ ᠨᠠᠰᠤᠵᠢᠯ ᠤᠨ ᠮᠦᠡᠭᠭᠦ ᠶᠢ ᠬᠡᠪ ᠤᠨ ᠪᠠᠶᠢᠲᠠᠯ ᠢᠶᠠᠷ ᠲᠤᠬᠢᠷᠠᠭᠤᠯᠬᠤ ᠲᠤᠭᠳᠠᠴᠠ ᠶᠢ ᠲᠡᠭᠦᠯᠳᠡᠷᠵᠢᠭᠦᠯᠤᠨ᠎ᠠ᠃ ᠬᠤᠳᠠ ᠬᠦᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠨᠢᠭᠡᠳᠦᠯᠲᠡᠢ ᠲᠦᠯᠦᠪᠵᠢᠭᠦᠯᠵᠤ᠂ ᠨᠠᠭᠠᠲᠦ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠲᠦᠷᠢᠮ᠂ ᠠᠰᠠᠷᠠᠨ ᠬᠠᠷᠠᠭᠠᠯᠵᠠᠵᠤ ᠲᠦᠪᠬᠢᠨᠡᠭᠦᠯᠬᠦ ᠲᠦᠷᠢᠮ ᠢ ᠲᠡᠭᠦᠯᠳᠡᠷᠵᠢᠭᠦᠯᠤᠨ᠎ᠠ᠃ ᠭᠦᠳᠡᠭᠡ ᠲᠤᠰᠬᠤᠨ ᠤ ᠶᠡᠷᠤᠩᠬᠡᠶᠢᠯᠡᠭᠰᠡᠨ ᠴᠢᠨᠠᠷᠳᠠᠢ ᠰᠤᠶᠤᠯ ᠤᠨ ᠦᠢᠯᠡᠴᠢᠯᠡᠭᠡᠨ ᠤ ᠲᠦᠪ ᠤᠨ ᠪᠠᠶᠢᠭᠤᠯᠤᠯᠳᠠ ᠶᠢ ᠲᠦᠷᠭᠡᠪᠴᠢᠯᠠᠨ ᠠᠬᠢᠭᠤᠯᠤᠨ᠎ᠠ᠃ ᠭᠦᠳᠡᠭᠡ ᠲᠤᠰᠬᠤᠨ ᠤ ᠭᠡᠷ ᠲᠡᠭᠡᠨ ᠬᠤᠴᠤᠷᠤᠭᠰᠠᠨ ᠬᠡᠤᠬᠡᠳ ᠪᠤᠯᠤᠨ ᠡᠮᠡᠭᠳᠠᠶᠢᠴᠤᠳ᠂ ᠨᠠᠰᠤᠳᠠᠶᠢᠴᠤᠳ ᠢ ᠬᠠᠷᠠᠭᠠᠯᠵᠠᠬᠤ ᠦᠢᠯᠡᠴᠢᠯᠡᠭᠡᠨ ᠤ ᠰᠢᠰᠲᠧᠮ ᠢ ᠲᠡᠭᠦᠯᠳᠡᠷᠵᠢᠭᠦᠯᠵᠤ᠂ ᠤᠯᠠᠨ ᠲᠡᠰ ᠲᠠᠪᠬᠤᠷᠭ᠎ᠠ ᠪᠦᠬᠦᠢ ᠭᠦᠳᠡᠭᠡ ᠲᠤᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠭᠦᠭᠵᠢᠯᠳᠠ ᠶᠢ ᠲᠠᠮᠵᠢᠵᠤ᠂ ᠭᠦᠳᠡᠭᠡ ᠲᠤᠰᠬᠤᠨ ᠤ ᠵᠠᠮᠳᠡᠭᠴᠤᠳ ᠲᠤ ᠬᠠᠨᠲᠤᠭᠤᠯᠤᠭᠰᠠᠠ ᠦᠢᠯᠡᠴᠢᠯᠡᠭᠡ ᠶᠢ ᠴᠢᠩᠭᠠᠳᠬᠠᠨ ᠰᠠᠶᠢᠵᠢᠷᠠᠭᠤᠯᠤᠨ᠎ᠠ᠃ ᠬᠤᠳᠠ ᠭᠦᠳᠡᠭᠡ ᠶᠢ ᠨᠢᠭᠡᠳᠤᠯᠳᠠᠢ ᠲᠦᠯᠦᠪᠵᠢᠭᠦᠯᠦᠭᠰᠡᠡ ᠦᠨᠳᠤᠰᠤᠨ ᠤᠯᠠᠨ ᠨᠡᠶᠢᠳᠠ ᠶᠢᠨ ᠦᠢᠯᠡᠴᠢᠯᠡᠭᠡᠨ ᠤ ᠵᠠᠷᠤᠲᠠᠯ ᠳᠠᠬᠢ ᠤᠷᠤᠭᠤᠯᠤᠯᠲᠠ ᠶᠢᠨ ᠲᠤᠭᠲᠠᠴᠠ ᠪᠠᠶᠢᠭᠤᠯᠬᠤ ᠶᠢ ᠠᠬᠢᠭᠤᠯᠵᠤ᠂ ᠭᠦᠳᠡᠭᠡ ᠲᠤᠰᠬᠤᠨ ᠤ ᠦᠨᠳᠤᠰᠤᠨ ᠤᠯᠠᠨ ᠨᠡᠶᠢᠳᠠ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠲᠡᠭᠦᠯᠳᠡᠷᠵᠢᠭᠦᠯᠤᠨ᠎ᠠ᠃
    ︵ᠲᠦᠷᠪᠡ︶ ᠭᠦᠳᠡᠭᠡ ᠲᠤᠰᠬᠤᠨ ᠤ ᠪᠤᠬᠢᠷᠳᠤᠯ ᠤᠨ ᠵᠠᠰᠠᠯᠳᠠ ᠪᠤᠯᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠨ᠎ᠠ᠃ ᠠᠭᠤᠯᠠ ᠤᠰᠤ ᠤᠢ ᠮᠤᠳᠤ ᠲᠠᠷᠢᠶ᠎ᠠ ᠨᠠᠭᠤᠷ ᠪᠦᠷᠢᠳᠤ ᠨᠤᠳᠤᠬ ᠪᠡᠯᠴᠢᠭᠡᠷ ᠢ ᠰᠢᠰᠲ᠋ᠧᠮ ᠲᠠᠢ ᠪᠠᠷ ᠵᠠᠰᠠᠬᠤ ᠶᠢ ᠨᠢᠭᠡᠲᠦᠯᠲᠡᠢ ᠲᠦᠯᠦᠪᠵᠢᠬᠦᠯᠦᠨ ᠠᠬᠢᠭᠤᠯᠵᠤ᠂ ᠭᠦᠳᠡᠭᠡ ᠠᠵᠤ ᠠᠬᠤᠢ ᠭᠦᠳᠡᠭᠡ ᠲᠤᠰᠬᠤᠨ ᠤ ᠪᠤᠬᠢᠷᠳᠤᠯ ᠦᠭᠡᠢ ᠭᠦᠭᠵᠢᠯᠳᠠ ᠶᠢ ᠠᠬᠢᠭᠤᠯᠤᠨ᠎ᠠ᠃ ᠭᠦᠳᠡᠭᠡ ᠠᠵᠤ ᠠᠬᠤᠢ ᠶᠢᠨ ᠭᠠᠲᠠᠷᠭᠤ ᠲᠠᠯ᠎ᠠ ᠶᠢᠨ ᠪᠤᠬᠢᠷᠳᠤᠯ ᠤᠨ ᠵᠠᠰᠠᠯᠳᠠ ᠶᠢᠨ ᠭᠦᠴᠤᠯᠠᠴᠠ ᠪᠠᠨ ᠴᠢᠩᠭᠠᠳᠬᠠᠵᠤ᠂ ᠲᠠᠷᠢᠶᠠᠯᠠᠩ ᠳᠤ ᠬᠡᠷᠡᠭᠯᠡᠬᠦ ᠪᠤᠷᠲᠤᠭᠤᠷ ᠢ ᠠᠷᠪᠢᠯᠠᠬᠤ ᠡᠮ ᠢ ᠠᠷᠪᠢᠯᠠᠬᠤ ᠠᠵᠢᠯᠯᠠᠭ᠎ᠠ ᠦᠷᠨᠢᠭᠦᠯᠵᠤ᠂ ᠬᠢᠮᠢ ᠶᠢᠨ ᠪᠤᠷᠳᠤᠭᠤᠷ ᠪᠤᠯᠤᠨ ᠲᠠᠷᠢᠶᠠᠨ ᠡᠮ ᠤᠨ ᠭᠡᠷᠡᠭᠯᠠᠯᠳᠠ ᠶᠢᠨ ᠬᠡᠮᠵᠢᠶ᠎ᠠ ᠶᠢ ᠪᠠᠭᠠᠰᠬᠠᠬᠤ ᠶᠢ ᠪᠡᠶᠡᠯᠡᠭᠦᠯᠤᠨ᠎ᠠ᠃ ᠠᠮᠢ ᠠᠬᠤᠢ ᠶᠢᠨ ᠡᠷᠬᠢᠯᠳᠡᠳᠤ ᠬᠦᠳᠡᠭᠡ ᠠᠵᠤ ᠠᠬᠤᠢ ᠶᠢ ᠭᠦᠭᠵᠢᠭᠦᠯᠵᠤ᠂ ᠮᠠᠯ ᠵᠢᠭᠦᠷᠲᠡᠨ ᠤ ᠪᠠᠭᠠᠰᠤ ᠰᠢᠭᠡᠰᠦᠨ ᠤ ᠪᠤᠬᠢᠷᠳᠤᠯ᠂ ᠡᠰᠢ ᠰᠦᠷᠡᠯ᠂ ᠲᠠᠷᠢᠶᠠᠯᠠᠩ ᠤᠨ ᠰᠦᠯᠢᠶᠤᠤ ᠪᠦᠷᠬᠦᠬᠦᠯ ᠵᠡᠷᠭᠡ ᠭᠦᠳᠡᠭᠡ ᠠᠵᠤ ᠠᠬᠤᠢ ᠶᠢᠨ ᠬᠠᠶᠠᠭᠳᠠᠮᠠᠯ ᠪᠤᠳᠠᠰ ᠢ ᠡᠬᠢ ᠪᠠᠶᠠᠯᠢᠭᠵᠢᠭᠤᠯᠤᠨ ᠭᠡᠷᠡᠭᠯᠡᠭᠦ ᠶᠢ ᠠᠬᠢᠭᠤᠯᠵᠤ᠂ ᠮᠠᠯ ᠲᠡᠵᠢᠭᠡᠪᠦᠷᠢ ᠶᠢᠨ ᠲᠤᠮᠤ ᠰᠢᠶᠠᠨ ᠳᠤ ᠮᠠᠯ ᠵᠢᠬᠦᠷᠲᠡᠨ ᠤ ᠪᠠᠭᠠᠰᠤ ᠰᠢᠭᠡᠰᠦᠨ ᠤ ᠪᠤᠬᠢᠷᠳᠤᠯ ᠢ ᠡᠬᠢ ᠪᠠᠶᠠᠯᠢᠭᠵᠢᠭᠤᠯᠤᠨ ᠭᠡᠷᠡᠭᠯᠡᠬᠦ ᠪᠦᠭᠦ ᠰᠢᠶᠠᠨ ᠤ ᠵᠠᠰᠠᠯᠳᠠ ᠶᠢ ᠪᠦᠷᠭᠦᠭᠦᠯᠵᠤ᠂ ᠴᠠᠭᠠᠨ ᠪᠤᠬᠢᠷᠳᠤᠯ ᠢ ᠭᠦᠴᠤᠯᠠᠨ ᠵᠠᠰᠠᠨ᠎ᠠ᠃ ᠡᠭᠡᠯᠵᠢᠯᠡᠨ ᠲᠠᠷᠢᠬᠤ ᠪᠠ ᠰᠡᠯᠭᠦᠵᠤ ᠲᠠᠷᠢᠬᠤ ᠲᠦᠷᠢᠮ ᠤᠨ ᠲᠤᠷᠰᠢᠯᠳᠠ ᠶᠢᠨ ᠴᠡᠭ ᠢ ᠦᠷᠭᠡᠳᠭᠡᠨ᠎ᠠ᠃ ᠭᠦᠳᠡᠭᠡ ᠠᠵᠤ ᠠᠬᠤᠢ ᠶᠢᠨ ᠪᠤᠬᠢᠷᠳᠤᠯ ᠦᠭᠡᠢ ᠭᠦᠭᠵᠢᠯᠳᠠ ᠶᠢᠨ ᠤᠷᠢᠳᠠᠪᠠᠷ ᠬᠡᠷᠡᠭᠵᠢᠭᠦᠯᠬᠦ ᠤᠷᠤᠨ ᠢ ᠡᠭᠦᠳᠦᠨ ᠪᠠᠶᠢᠭᠤᠯᠤᠨ᠎ᠠ᠃ ᠭᠦᠳᠡᠭᠡ ᠲᠤᠰᠬᠤᠨ ᠢ ᠨᠤᠭᠤᠭᠠᠷᠠᠭᠤᠯᠵᠤ ᠭᠤᠶᠤᠵᠢᠭᠤᠯᠬᠤ ᠠᠵᠢᠯᠯᠠᠭ᠎ᠠ ᠶᠢ ᠭᠡᠷᠡᠭᠵᠢᠭᠦᠯᠵᠤ᠂ ᠨᠢᠭᠡ ᠪᠦᠯᠦᠭ ᠤᠢ ᠰᠢᠭᠤᠢ ᠶᠢᠨ ᠭᠦᠳᠡᠭᠡ ᠲᠤᠰᠬᠤᠨ ᠢ ᠪᠠᠶᠢᠭᠤᠯᠵᠤ᠂ ᠡᠷᠳᠠᠨ ᠤ ᠮᠤᠳᠤ ᠶᠢ ᠬᠠᠮᠠᠭᠠᠯᠠᠵᠤ᠂ ᠨᠤᠭᠤ ᠭᠠᠵᠠᠷ ᠤᠨ ᠠᠮᠢ ᠠᠬᠤᠢ ᠶᠢᠨ ᠦᠷ᠎ᠠ ᠠᠰᠢᠭ ᠢ ᠨᠦᠭᠦᠪᠤᠷᠢᠯᠡᠭᠦ ᠪᠤᠯᠤᠨ ᠲᠠᠷᠢᠶᠠᠯᠠᠬᠤ ᠶᠢ ᠵᠤᠭᠰᠤᠭᠠᠵᠤ ᠨᠤᠭᠤ ᠭᠠᠵᠠᠷ ᠢ ᠰᠡᠷᠭᠦᠭᠡᠭᠦ ᠠᠵᠢᠯᠯᠠᠭ᠎ᠠ ᠦᠷᠨᠢᠭᠦᠯᠤᠨ᠎ᠠ᠃ ᠪᠠᠶᠢᠭᠠᠯᠢᠯᠢᠭ ᠤᠢ ᠶᠢ ᠪᠦᠭᠦ ᠲᠠᠯ᠎ᠠ ᠪᠠᠷ ᠬᠠᠮᠠᠭᠠᠯᠠᠨ᠎ᠠ᠃ ︽ᠭᠤᠷᠪᠠᠨ ᠤᠮᠠᠷᠠᠳᠤ︾ ᠤᠷᠤᠨ ᠤ ᠬᠦᠭᠰᠢᠷᠡᠵᠤ ᠮᠠᠭᠤᠳᠠᠭᠰᠠᠨ ᠬᠠᠯᠬᠠᠪᠴᠢ ᠤᠢ ᠶᠢ ᠰᠡᠷᠭᠦᠭᠡᠨ ᠵᠠᠰᠠᠬᠤ ᠶᠢ ᠴᠢᠩᠭᠠᠳᠬᠠᠨ᠎ᠠ᠃ ᠲᠠᠷᠢᠶᠠᠯᠠᠬᠤ ᠶᠢ ᠵᠤᠭᠰᠤᠭᠠᠵᠤ ᠮᠤᠳᠤ ᠲᠠᠷᠢᠬᠤ ᠡᠪᠡᠰᠤ ᠲᠠᠷᠢᠬᠤ ᠶᠢ ᠦᠷᠭᠡᠳᠭᠡᠵᠤ᠂ ᠮᠠᠯᠵᠢᠬᠤ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠶᠢ ᠲᠤᠭᠳᠠᠭᠤᠨ ᠢᠶᠠᠷ ᠭᠡᠷᠡᠭᠵᠢᠭᠦᠯᠤᠨ᠎ᠠ᠃ ᠰᠢᠨ᠎ᠠ ᠨᠢᠭᠡ ᠡᠭᠡᠯᠵᠢ ᠶᠢᠨ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠦᠭᠴᠤ ᠱᠠᠩᠨᠠᠬᠤ ᠲᠦᠷᠤ ᠶᠢᠨ ᠪᠤᠳᠤᠯᠭ᠎ᠠ ᠶᠢ ᠭᠡᠷᠡᠭᠵᠢᠭᠦᠯᠤᠨ᠎ᠠ᠃ ᠭᠤᠤᠯ ᠮᠦᠷᠡᠨ ᠤ ᠲᠠᠷᠤᠭ᠎ᠠ ᠶᠢᠨ ᠲᠦᠷᠢᠮ᠂ ᠨᠠᠭᠤᠷ ᠴᠦᠬᠦᠷᠤᠮ ᠤᠨ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠭᠦᠳᠡᠭᠡ ᠲᠤᠰᠬᠤᠨ ᠤ ᠤᠰᠤᠨ ᠤ ᠤᠷᠴᠢᠨ ᠲᠤᠭᠤᠷᠢᠨ ᠤ ᠵᠠᠰᠠᠯᠳᠠ ᠶᠢ ᠠᠬᠢᠭᠤᠯᠵᠤ᠂ ᠭᠦᠳᠡᠭᠡ ᠲᠤᠰᠬᠤᠨ ᠤ ᠭᠤᠤᠯ ᠮᠦᠷᠡᠨ ᠨᠠᠭᠤᠷ ᠴᠦᠬᠦᠷᠤᠮ ᠤᠨ ᠤᠰᠤᠨ ᠤᠷᠤᠨ ᠤ ᠬᠦᠪᠡᠭᠡ ᠲᠠᠭᠠᠤ ᠵᠡᠷᠭᠡ ᠶᠢᠨ ᠤᠰᠤᠨ ᠤ ᠠᠮᠢ ᠠᠬᠤᠢ ᠶᠢᠨ ᠤᠷᠤᠨ ᠵᠠᠢ ᠶᠢᠨ ᠬᠠᠮᠢᠶᠠᠷᠤᠯᠳᠠ ᠶᠢ ᠴᠢᠩᠭᠠᠳᠬᠠᠨ᠎ᠠ᠃
    ︵ᠲᠠᠪᠤ︶ ᠭᠦᠳᠡᠭᠡ ᠲᠤᠰᠬᠤᠨ ᠤ ᠲᠦᠯᠦᠪᠵᠢᠭᠦᠯᠭᠡ ᠬᠢᠵᠤ ᠬᠦᠲᠦᠯᠦᠨ ᠳᠠᠭᠠᠭᠤᠯᠬᠤ ᠶᠢ ᠴᠢᠩᠭᠠᠳᠬᠠᠨ᠎ᠠ᠃ ᠲᠦᠯᠤᠪᠵᠢᠭᠦᠯᠤᠨ ᠬᠠᠮᠢᠶᠠᠷᠬᠤ ᠪᠠᠨ ᠴᠢᠩᠭᠠᠳᠬᠠᠬᠤ ᠶᠢ ᠬᠦᠳᠡᠭᠡ ᠲᠤᠰᠬᠤᠨ ᠢ ᠬᠦᠭᠵᠢᠭᠦᠯᠤᠨ ᠮᠠᠨᠳᠤᠭᠤᠯᠬᠤ ᠶᠢᠨ ᠰᠠᠭᠤᠷᠢ ᠴᠢᠨᠠᠷᠳᠠᠢ ᠠᠵᠢᠯ ᠪᠤᠯᠭᠠᠵᠤ᠂ ᠲᠦᠯᠦᠪᠵᠢᠭᠦᠯᠤᠨ ᠬᠠᠮᠢᠶᠠᠷᠬᠤ ᠪᠦ᠋ᠷᠬᠦᠬᠦᠯᠲᠡ ᠶᠢ ᠪᠡᠶᠡᠯᠡᠭᠦᠯᠤᠨ᠎ᠠ᠃ ᠰᠢᠶᠠᠨ ᠢᠶᠠᠷ ᠨᠢᠭᠡᠴᠢ ᠪᠤᠯᠭᠠᠵᠤ ᠠᠶᠢᠯ ᠲᠤᠰᠬᠤᠨ ᠤ ᠪᠠᠶᠢᠷᠢᠰᠢᠭᠤᠯᠤᠯ ᠲᠦᠯᠦᠪᠵᠢᠭᠦᠯᠭᠡ ᠶᠢ ᠨᠠᠶᠢᠷᠠᠭᠤᠯᠤᠨ ᠲᠤᠭᠲᠠᠭᠠᠬᠤ ᠪᠤᠶᠤ ᠵᠠᠰᠠᠪᠤᠷᠢ ᠤᠷᠤᠭᠤᠯᠵᠤ᠂ ᠰᠢᠶᠠᠨ ᠤ ᠱᠠᠲᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠭᠦᠳᠡᠭᠡ ᠲᠤᠰᠬᠤᠨ ᠤ ᠲᠦᠯᠤᠪᠵᠢᠭᠦᠯᠭᠡ ᠶᠢᠨ ᠠᠵᠢᠯ ᠢ ᠨᠢᠭᠡᠳᠦᠯᠳᠠᠢ ᠲᠦᠯᠦᠪᠵᠢᠬᠦᠯᠦᠨ ᠠᠬᠢᠭᠤᠯᠤᠨ᠎ᠠ᠃ ᠤᠷᠢᠳᠠᠪᠡᠷ ᠲᠦᠯᠤᠪᠵᠢᠭᠦᠯᠵᠤ ᠲᠠᠷᠠᠭ᠎ᠠ ᠨᠢ ᠪᠠᠶᠢᠭᠤᠯᠬᠤ ᠵᠠᠷᠴᠢᠮ ᠢᠶᠠᠷ᠂ ᠭᠠᠵᠠᠷ ᠰᠢᠷᠤᠢ ᠶᠢᠨ ᠬᠡᠷᠡᠭᠯᠡᠯᠲᠡ᠂ ᠠᠵᠤ ᠦᠢᠯᠠᠰ ᠤᠨ ᠭᠦᠭᠵᠢᠯᠳᠠ᠂ ᠰᠠᠭᠤᠭᠠᠯᠢ ᠠᠷᠠᠳ ᠤᠨ ᠰᠠᠭᠤᠷᠢᠰᠢᠯ ᠤᠨ ᠴᠡᠭ ᠤᠨ ᠪᠠᠶᠢᠭᠤᠯᠤᠯᠳᠠ᠂ ᠭᠦᠮᠤᠨ ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ᠂ ᠠᠮᠢ ᠠᠬᠤᠢ ᠶᠢ ᠬᠠᠮᠠᠭᠠᠯᠠᠬᠤ ᠪᠤᠯᠤᠨ ᠲᠡᠤᠭᠡ ᠰᠤᠶᠤᠯ ᠢ ᠤᠯᠠᠮᠵᠢᠯᠠᠬᠤ ᠵᠡᠷᠭᠡ ᠶᠢ ᠪᠦᠭᠦ ᠲᠠᠯ᠎ᠠ ᠪᠠᠷ ᠪᠤᠳᠤᠯᠬᠢᠯᠠᠵᠤ᠂ ᠤᠷᠤᠨ ᠨᠤᠳᠤᠭ ᠤᠨ ᠵᠠᠩ ᠵᠠᠩᠰᠢᠯ ᠬᠡᠪ ᠨᠠᠮᠪᠠᠭ᠎ᠠ ᠶᠢ ᠬᠠᠲᠠᠭᠠᠯᠠᠬᠤ ᠶᠢ ᠴᠢᠬᠤᠯᠠᠴᠢᠯᠠᠵᠤ᠂ ᠤᠯᠠᠨ ᠳᠦᠷᠢᠮ ᠭᠤᠷᠢᠮ ᠢ ᠨᠢᠭᠡᠲᠦᠭᠦᠯᠦᠭᠰᠡᠡ ᠲᠦᠯᠤᠪᠵᠢᠭᠦᠯᠭᠡ ᠶᠢ ᠨᠠᠶᠢᠷᠠᠭᠤᠯᠤᠨ ᠲᠤᠭᠲᠠᠭᠠᠨ᠎ᠠ᠃ ᠭᠦᠳᠡᠭᠡ ᠲᠤᠰᠬᠤᠨ ᠤ ᠭᠡᠷ ᠪᠠᠶᠢᠰᠢᠩ ᠪᠠᠷᠢᠬᠤ ᠬᠢᠨᠠᠨ ᠵᠦᠪᠰᠢᠶᠠᠷᠡᠯ ᠤᠨ ᠬᠠᠮᠢᠶᠠᠷᠤᠯᠳᠠ ᠶᠢ ᠴᠢᠩᠭᠠᠳᠬᠠᠨ᠎ᠠ᠃
    ᠲᠦᠷᠪᠡ᠂ ᠭᠦᠳᠡᠭᠡ ᠲᠤᠰᠬᠤᠨ ᠤ ᠠᠵᠤ ᠦᠢᠯᠡᠰ ᠢ ᠭᠦᠭᠵᠢᠭᠦᠯᠤᠨ ᠪᠤᠵᠠᠭᠠᠢᠢᠷᠠᠭᠤᠯᠵᠤ᠂ ᠲᠠᠷᠢᠶᠠᠴᠢᠳ ᠤᠨ ᠤᠷᠤᠯᠭ᠎ᠠ ᠶᠢ ᠨᠡᠮᠡᠭᠳᠠᠭᠦᠯᠭᠦ ᠠᠷᠭ᠎ᠠ ᠵᠠᠮ ᠢ ᠦᠷᠭᠡᠳᠭᠡᠨ᠎ᠠ
    ︵ᠨᠢᠭᠡ︶ ᠭᠦᠳᠡᠭᠡ ᠲᠤᠰᠬᠤᠨ ᠤ ᠤᠨᠴᠠᠯᠢᠭᠳᠤ ᠠᠵᠤ ᠦᠢᠯᠠᠰ ᠤᠨ ᠬᠦᠭᠵᠢᠯᠲᠡ ᠶᠢ ᠲᠦᠷᠭᠡᠳᠭᠡᠨ᠎ᠠ᠃ ᠭᠠᠵᠠᠷ ᠤᠷᠤᠨ ᠤ ᠪᠠᠶᠢᠳᠠᠯ ᠳᠠᠭᠠᠨ ᠵᠤᠬᠢᠴᠠᠭᠤᠯᠤᠨ ᠤᠯᠠᠨ ᠶᠠᠩᠵᠤᠲᠦ ᠴᠢᠨᠠᠷᠳᠠᠢ ᠤᠨᠴᠠᠯᠢᠭᠳᠤ ᠭᠦᠳᠡᠭᠡ ᠠᠵᠤ ᠠᠬᠤᠢ ᠶᠢ ᠭᠦᠭᠵᠢᠭᠦᠯᠵᠤ᠂ ︽ᠨᠢᠭᠡ ᠲᠤᠰᠬᠤᠨ ᠨᠢᠭᠡ ᠦᠢᠯᠡᠳᠭᠦᠨ︾ ︽ᠨᠢᠭᠡ ᠰᠢᠶᠠᠨ ᠨᠢᠭᠡ ᠠᠵᠤ ᠦᠢᠯᠡᠰ︾ ᠪᠠᠶᠢᠬᠤ ᠶᠢ ᠰᠠᠨᠠᠭᠠᠴᠢᠯᠠᠨ᠎ᠠ᠃ ᠵᠢᠮᠢᠰ ᠨᠤᠭᠤᠭ᠎ᠠ ᠴᠠᠢ᠂ ᠢᠳᠡᠰᠢᠨ ᠮᠦᠭᠦ᠂ ᠡᠯᠳᠡᠪ ᠠᠮᠤ ᠡᠯᠳᠡᠪ ᠪᠤᠷᠴᠠᠭ᠂ ᠲᠦᠮᠤᠰᠦᠨ ᠤ ᠲᠦᠷᠦᠯ᠂ ᠬᠢᠳᠠᠳ ᠡᠮ ᠤᠨ ᠮᠠᠲᠧᠷᠢᠶᠠᠯ᠂ ᠤᠴᠠᠯᠢᠭᠳᠤ ᠲᠡᠵᠢᠭᠡᠪᠤᠷᠢ᠂ ᠤᠨᠴᠠᠯᠢᠬᠲᠦ ᠤᠢ ᠮᠤᠲᠤ ᠴᠡᠴᠡᠭ ᠬᠤᠸᠠᠷ ᠴᠢᠬᠢ ᠮᠤᠳᠤ ᠵᠡᠷᠭᠡ ᠠᠵᠤ ᠦᠢᠯᠡᠰ ᠢ ᠢᠳᠡᠪᠬᠢᠳᠠᠢ ᠭᠦᠭᠵᠢᠭᠦᠯᠤᠨ᠎ᠠ᠃ ᠨᠢᠭᠡ ᠪᠦᠯᠦᠭ ᠤᠨᠴᠠᠯᠢᠭᠳᠤ ᠲᠠᠷᠢᠶᠠᠯᠠᠩ ᠤᠨ ᠪᠦᠳᠤᠭᠡᠭᠳᠡᠭᠦᠨ ᠤ ᠲᠠᠪᠠᠭᠤᠯᠢᠭ ᠤᠷᠤᠨ ᠪᠠᠶᠢᠭᠤᠯᠬᠤ ᠶᠢ ᠲᠡᠮᠵᠢᠨ᠎ᠠ᠃ ᠦᠨᠳᠤᠰᠤᠳᠠᠨ ᠤ ᠤᠨᠴᠠᠯᠢᠭ ᠲᠠᠢ ᠭᠠᠵᠠᠷ ᠤᠷᠤᠨ ᠤ ᠤᠨᠴᠠᠯᠢᠭ ᠲᠠᠢ ᠭᠦᠳᠡᠭᠡ ᠲᠤᠰᠬᠤᠨ ᠤ ᠭᠠᠷ ᠦᠢᠯᠡᠳᠪᠤᠷᠢ ᠶᠢ ᠭᠦᠭᠵᠢᠭᠦᠯᠵᠤ᠂ ᠭᠦᠳᠡᠭᠡ ᠲᠤᠰᠬᠤᠨ ᠤ ᠤᠷᠠᠨ ᠲᠠᠷᠬᠠᠨ ᠢ ᠶᠡᠭᠡ ᠪᠠᠷ ᠪᠤᠶᠢᠵᠢᠭᠤᠯᠵᠤ᠂ ᠭᠡᠷ ᠪᠦᠯᠢ ᠶᠢᠨ ᠭᠠᠷ ᠦᠢᠯᠡᠳᠭᠡᠯ ᠤᠨ ᠭᠠᠵᠠᠷ᠂ ᠭᠠᠷ ᠤᠷᠠᠯᠠᠯ ᠤᠨ ᠭᠠᠵᠠᠷ᠂ ᠬᠦᠳᠡᠭᠡ ᠲᠤᠰᠬᠤᠨ ᠤ ᠦᠢᠯᠡᠳᠪᠦᠷᠢᠯᠡᠯ ᠤᠨ ᠲᠠᠰᠤᠭ ᠢ ᠪᠠᠶᠢᠭᠤᠯᠤᠨ᠎ᠠ᠃ ᠤᠨᠴᠠᠯᠢᠭᠳᠤ ᠲᠠᠷᠢᠶᠠᠯᠠᠩ ᠤᠨ ᠪᠦᠳᠤᠭᠡᠭᠳᠡᠭᠦᠨ ᠤ ᠶᠠᠰᠤ ᠴᠢᠨᠠᠷ ᠤᠨ ᠪᠠᠷᠢᠮᠵᠢᠶᠠᠨ ᠤ ᠰᠢᠰᠲᠧᠮ ᠢ ᠪᠦᠷᠢᠨᠰᠢᠭᠦᠯᠵᠤ᠂ ᠲᠠᠷᠢᠶᠠᠯᠠᠩ ᠤᠨ ᠪᠦᠳᠤᠭᠡᠭᠳᠡᠭᠦᠨ ᠤ ᠭᠠᠵᠠᠷ ᠵᠦᠢ ᠶᠢᠨ ᠪᠡᠯᠭᠡ ᠲᠡᠮᠳᠡᠭ ᠪᠤᠯᠤᠨ ᠲᠠᠸᠠᠷ ᠤᠨ ᠲᠡᠮᠳᠡᠭ ᠤᠨ ᠬᠠᠮᠠᠭᠠᠯᠠᠯᠳᠠ ᠶᠢ ᠴᠢᠩᠭᠠᠳᠬᠠᠵᠤ᠂ ᠨᠢᠭᠡ ᠪᠦᠯᠦᠭ ︽ᠤᠷᠤᠨ ᠨᠤᠳᠤᠭ ᠨᠡᠷᠡᠮᠵᠢᠳᠤ︾ ᠤᠨᠴᠠᠯᠢᠭᠳᠤ ᠪᠦᠳᠤᠭᠡᠭᠳᠡᠭᠦᠨ ᠨᠡᠷᠡᠳᠤ ᠲᠠᠮᠳᠡᠭ ᠢ ᠡᠭᠦᠳᠤᠨ᠎ᠠ᠃
    ︵ᠬᠤᠶᠠᠷ︶ ᠤᠳᠤ ᠦᠶ᠎ᠠ ᠶᠢᠨ ᠲᠠᠷᠢᠶᠠᠯᠠᠩ ᠤᠨ ᠪᠦᠳᠤᠭᠡᠭᠳᠡᠬᠦᠨ ᠢ ᠡᠳ᠋ᠰᠢᠬᠦᠯᠵᠤ ᠪᠤᠯᠪᠠᠰᠤᠷᠠᠭᠤᠯᠬᠤ ᠤᠢᠢᠯᠡᠰ ᠢ ᠶᠡᠭᠡ ᠪᠠᠷ ᠬᠦᠭᠵᠢᠬᠦᠯᠤᠨ᠎ᠠ᠃ ︽ᠲᠠᠷᠢᠮᠠᠯ ᠨᠢ ᠡᠬᠢᠨ ᠳᠤ ᠪᠦᠲᠦᠭᠡᠭᠳᠡᠭᠦᠨ ᠨᠢ ᠰᠡᠭᠦᠯ ᠳᠤ︾᠂ ︽ᠬᠦᠳᠡᠭᠡ ᠠᠵᠤ ᠠᠬᠤᠢ ᠨᠢ ᠡᠬᠢᠨ ᠳᠤ ᠠᠵᠤ ᠤᠢᠢᠯᠡᠳᠪᠤᠷᠢ ᠨᠢ ᠰᠡᠭᠦᠯ ᠳᠤ︾ ᠪᠠᠷ ᠠᠳᠬᠤᠴᠠ ᠪᠤᠯᠭᠠᠵᠤ᠂ ᠭᠤᠤᠯ ᠭᠠᠷᠤᠯᠳᠠ ᠶᠢᠨ ᠤᠷᠤᠨ ᠤ ᠬᠢᠨ ᠬᠤᠰᠢᠭᠤ ᠰᠢᠶᠠᠨ ᠤ ᠤᠷᠤᠨ ᠪᠦᠰᠡ ᠳᠡᠭᠡᠨ ᠲᠦᠰᠢᠭᠯᠡᠵᠦ ᠲᠠᠷᠢᠶᠠᠯᠠᠩ ᠤᠨ ᠪᠦᠳᠦᠭᠡᠭᠳᠡᠬᠦᠨ ᠢ ᠡᠳ᠋ᠰᠢᠬᠦᠯᠵᠤ ᠪᠤᠯᠪᠠᠰᠤᠷᠠᠭᠤᠯᠬᠤ ᠠᠵᠤ ᠤᠢᠢᠯᠡᠰ ᠤᠨ ᠪᠦᠯᠦᠭᠵᠢᠯ ᠪᠦᠷᠢᠯᠳᠤᠬᠦᠯᠬᠦ ᠶᠢ ᠲᠡᠮᠵᠢᠵᠤ᠂ ᠠᠵᠤ ᠤᠢᠢᠯᠡᠰ ᠤᠨ ᠬᠡᠯᠬᠢᠶ᠎ᠠ ᠶᠢ ᠬᠤᠰᠢᠭᠤ ᠰᠢᠶᠠᠨ ᠤ ᠲᠤᠳᠤᠷ᠎ᠠ ᠪᠠᠨ ᠦᠯᠡᠳᠡᠬᠡᠬᠦ ᠪᠠᠷ ᠴᠢᠷᠮᠠᠶᠢᠵᠤ᠂ ᠬᠦᠳᠡᠭᠡ ᠲᠤᠰᠬᠤᠨ ᠤ ᠬᠢᠨ ᠲᠦᠬᠦᠭᠡᠢ ᠮᠠᠲ᠋ᠧᠷᠢᠶᠠᠯ ᠬᠤᠳᠠᠯᠳᠤᠵᠤ᠂ ᠬᠤᠳᠠ ᠶᠢᠨ ᠬᠢᠨ ᠡᠳ᠋ᠰᠢᠬᠦᠯᠵᠤ ᠪᠤᠯᠪᠠᠰᠤᠷᠠᠭᠤᠯᠬᠤ ᠪᠠᠶᠢᠷᠢᠰᠢᠯ ᠢ ᠬᠤᠪᠢᠷᠠᠭᠤᠯᠤᠨ᠎ᠠ᠃ ᠬᠡᠷ ᠪᠦᠯᠢ ᠶᠢᠨ ᠲᠠᠷᠢᠶᠠᠯᠠᠩ ᠤᠨ ᠲᠠᠯᠠᠪᠠᠢ ᠪᠤᠯᠤᠨ ᠲᠠᠷᠢᠶᠠᠴᠢᠳ ᠤᠨ ᠬᠤᠷᠰᠢᠶᠠᠨ ᠤ ᠡᠵᠡᠩᠨᠠᠯᠳᠠ ᠳᠤ ᠲᠤᠬᠢᠷᠠᠬᠤ ᠲᠠᠷᠢᠶᠠᠯᠠᠩ ᠤᠨ ᠪᠦᠳᠦᠭᠡᠭᠳᠡᠬᠦᠨ ᠢ ᠠᠩᠬ᠎ᠠ ᠠᠯᠬᠤᠮ ᠡᠳ᠋ᠰᠢᠬᠦᠯᠵᠤ ᠪᠤᠯᠪᠠᠰᠤᠷᠠᠭᠤᠯᠬᠤ ᠤᠢᠢᠯᠡᠰ ᠢ ᠬᠦᠭᠵᠢᠬᠦᠯᠬᠦ ᠶᠢ ᠲᠡᠮᠵᠢᠵᠤ᠂ ᠬᠤᠰᠢᠭᠤ ᠰᠢᠶᠠᠨ ᠤ ᠬᠢᠨ ᠲᠠᠷᠢᠶᠠᠯᠠᠩ ᠤᠨ ᠪᠦᠳᠦᠭᠡᠭᠳᠡᠬᠦᠨ ᠢ ᠨᠠᠷᠢᠯᠢᠬ ᠡᠳ᠋ᠰᠢᠬᠦᠯᠵᠤ ᠪᠤᠯᠪᠠᠰᠤᠷᠠᠭᠤᠯᠬᠤ ‍ᠦ᠋ᠯᠡᠰ ᠢ ᠬᠦᠭᠵᠢᠭᠦᠯᠬᠦ ᠶᠢ ᠲᠡᠮᠵᠢᠵᠤ᠂ ᠨᠢᠬᠡ ᠪᠦᠯᠦᠭ ᠲᠠᠷᠢᠶᠠᠯᠠᠩ ᠤᠨ ᠪᠦᠳᠦᠭᠡᠭᠳᠡᠬᠦᠨ ᠤ ᠲᠤᠰᠬᠠᠢ ᠲᠤᠰᠬᠤᠨ ᠪᠤᠯᠤᠨ ᠡᠳ᠋ᠰᠢᠬᠦᠯᠵᠤ ᠪᠤᠯᠪᠠᠰᠤᠷᠠᠭᠤᠯᠬᠤ ᠬᠦᠴᠦᠷᠭᠡᠭ ᠰᠢᠶᠠᠨ ᠢ ᠪᠠᠶᠢᠭᠤᠯᠤᠨ᠎ᠠ᠃ ᠲᠠᠷᠢᠶᠠᠯᠠᠩ ᠤᠨ ᠪᠦᠳᠦᠭᠡᠭᠳᠡᠬᠦᠨ ᠤ ᠭᠠᠷᠤᠯᠳᠠ ᠶᠢᠨ ᠤᠷᠤᠨ᠂ ᠲᠦᠪᠯᠡᠷᠡᠬᠦᠯᠵᠤ ᠲᠠᠷᠬᠠᠭᠠᠬᠤ ᠭᠠᠵᠠᠷ᠂ ᠪᠤᠷᠤᠯᠠᠭᠤᠯᠬᠤ ᠭᠠᠵᠠᠷ ᠤᠨ ᠪᠦᠬᠡᠮ ᠢᠶᠠᠷ ᠬᠤᠳᠠᠯᠳᠤᠬᠤ ᠵᠠᠬ᠎ᠠ ᠲᠡᠯᠬᠡᠬᠦᠷ ᠤᠨ ᠪᠦᠳᠤᠬᠡᠨ ᠪᠠᠶᠢᠭᠤᠯᠤᠯᠳᠠ ᠶᠢ ᠨᠢᠬᠡᠳᠤᠯᠳᠠᠢ ᠲᠦᠯᠤᠪᠵᠢᠬᠦᠯᠵᠤ᠂ ᠲᠠᠷᠢᠶᠠᠯᠠᠩ ᠤᠨ ᠪᠦᠳᠦᠭᠡᠭᠳᠡᠬᠦᠨ ᠤ ᠪᠠᠷᠠᠭᠠᠨ ᠤ ᠬᠦᠢᠯᠬᠡᠬᠡᠨ ᠤ ᠭᠤᠤᠯᠯᠠᠬᠴᠢ ᠰᠦᠯᠵᠢᠶ᠎ᠠ ᠪᠤᠯᠤᠨ ᠬᠦᠯᠳᠡᠭᠦᠦ ᠪᠠᠷ ᠵᠦᠭᠡᠭᠡᠪᠤᠷᠢᠯᠡᠬᠦ ᠪᠠᠷᠠᠭᠠᠨ ᠤ ᠬᠦᠢᠯᠬᠡᠬᠡᠨ ᠤ ᠰᠢᠰᠲ᠋ᠧᠮ ᠤᠨ ᠪᠦᠳᠤᠬᠡᠨ ᠪᠠᠶᠢᠭᠤᠯᠤᠯᠳᠠ ᠶᠢ ᠴᠢᠩᠭᠠᠳᠬᠠᠨ᠎ᠠ᠃ ᠲᠠᠷᠢᠶᠠᠯᠠᠩ ᠤᠨ ᠠᠵᠤ ᠤᠢᠢᠯᠡᠰᠵᠢᠯᠳᠠ ᠶᠢᠨ ᠲᠠᠭᠠᠭᠤᠯᠤᠭᠴᠢ ᠠᠵᠤ ᠠᠬᠤᠢᠢᠯᠠᠯ ᠪᠤᠯᠤᠨ ᠬᠠᠮᠳᠤᠷᠠᠬᠰᠠᠨ ᠴᠤᠬᠴᠠ ᠶᠢ ᠬᠦᠮᠤᠵᠢᠬᠦᠯᠵᠤ᠂ ᠤᠳᠤ ᠦᠶ᠎ᠠ ᠶᠢᠨ ᠲᠠᠷᠢᠶᠠᠯᠠᠩ ᠤᠨ ᠠᠵᠤ ᠤᠢᠢᠯᠡᠰ ᠤᠨ ᠬᠦᠷᠢᠶᠠᠯᠠᠩ᠂ ᠬᠦᠳᠡᠭᠡ ᠲᠤᠰᠬᠤᠨ ᠤ ᠠᠵᠤ ᠤᠢᠢᠯᠡᠰ ᠤᠨ ᠠᠭᠤᠰᠤᠯᠴᠠᠭᠰᠠᠨ ᠬᠦᠭᠵᠢᠯᠳᠡ ᠶᠢᠨ ᠵᠢᠱᠢᠶ᠎ᠠ ᠦᠵᠡᠬᠦᠯᠬᠦ ᠬᠦᠷᠢᠶᠠᠯᠠᠩ᠂ ᠲᠠᠷᠢᠶᠠᠯᠠᠩ ᠤᠨ ᠠᠵᠤ ᠤᠢᠢᠯᠡᠰ ᠤᠨ ᠬᠦᠴᠦᠷᠭᠡᠭ ᠪᠠᠯᠭᠠᠰᠤᠨ ᠤ ᠪᠦᠳᠤᠬᠡᠨ ᠪᠠᠶᠢᠭᠤᠯᠤᠯᠳᠠ ᠶᠢ ᠠᠬᠢᠭᠤᠯᠤᠨ᠎ᠠ᠃ ᠬᠦᠳᠡᠭᠡ ᠲᠤᠰᠬᠤᠨ ᠤ ᠨᠢᠬᠡᠳᠤᠭᠡᠷ ᠬᠤᠶᠠᠳᠤᠭᠠᠷ ᠭᠤᠷᠪᠠᠳᠤᠭᠠᠷ ᠠᠵᠤ ᠤᠢᠢᠯᠡᠰ ᠤᠨ ᠠᠭᠤᠰᠤᠯᠴᠠᠭᠰᠠᠨ ᠬᠦᠭᠵᠢᠯᠳᠠ ᠶᠢᠨ ᠠᠰᠢᠬ ᠲᠤᠰᠠ ᠶᠢᠨ ᠬᠤᠯᠪᠤᠭᠠᠳᠤ ᠲᠤᠬᠳᠠᠴᠠ ᠶᠢ ᠪᠠᠶᠢᠭᠤᠯᠤᠨ ᠲᠡᠬᠦᠯᠳᠡᠷᠵᠢᠬᠦᠯᠵᠤ᠂ ᠲᠠᠷᠢᠶᠠᠴᠢᠳ ᠲᠤ ᠠᠵᠤ ᠤᠢᠢᠯᠡᠰ ᠤᠨ ᠨᠡᠮᠡᠭᠳᠡᠯ ᠦᠷᠳᠡᠭ ᠤᠨ ᠠᠰᠢᠬ ᠲᠤᠰᠠ ᠶᠢ ᠨᠡᠩ ᠤᠯᠠᠨ ᠬᠦᠷᠳᠡᠭᠡᠨ᠎ᠠ᠃
                      (ᠦᠷᠭᠦᠯᠵᠢᠯᠡᠯ ᠪᠤᠢ )
          ︵ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 19 ᠤ ᠴᠠᠬᠢᠯᠭᠠᠨ ᠮᠡᠳᠡᠭᠡ︶
  
            
              

                        
   1     19.00 
   2     33.00 
   3     47.00 
   
         
 
 
×
 
   2019-04-09 13:56
   93 
    143 
    
1
  



 
   2019-04-10 06:50 
     
        /2019-04-10 
   
 










     
             
   13847635928   qinggis@163.com
           sorqin@sorqin.com
 ICP   12001629  
    15042102000103  