           
     
  608669
   4454
   2015-12-13
   2019-07-15
  4646
 
 
【      】
ᠬᠦᠳᠡᠭᠡ ᠠᠵᠥ ᠠᠬᠤᠢ ᠬᠦᠳᠡᠭᠡ ᠲᠤᠰᠬᠤᠨ ᠢ ᠤᠷᠢᠳ ᠢᠶᠠᠷ ᠬᠦᠭᠵᠢᠬᠦᠯᠬᠦ ᠶᠢ ᠪᠠᠷᠢᠮᠳᠠᠯᠠᠵᠥ ︽ᠬᠦᠳᠡᠭᠡ ᠠᠵᠥ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠢ ᠰᠠᠶᠢᠳᠤᠷ ᠬᠢᠬᠦ ᠲᠤᠬᠠᠢ ᠨᠠᠮ ᠤᠨ ᠲᠦᠪ ᠬᠤᠷᠢᠶ᠎ᠡ ᠲᠦᠷᠦ ᠶᠢᠨ ᠶᠠᠪᠤᠳᠠᠯ ᠤᠨ ᠬᠤᠷᠢᠶᠡᠨ ᠤ ᠰᠠᠨᠠᠯ  ︵ ᠲᠤᠥᠷᠠᠳᠦ ︶
︵ᠭᠤᠷᠪᠠ︶ ᠬᠦᠳᠡᠭᠡ ᠲᠤᠰᠬᠤᠨ ᠤ ᠰᠢᠨ᠎ᠠ ᠮᠠᠶ᠋ᠢᠬ ᠤᠨ ᠤᠢᠢᠯᠡᠴᠢᠯᠡᠬᠡᠨ ᠤ ᠤᠢᠢᠯᠡᠰ ᠢ ᠬᠦᠭᠵᠢᠬᠦᠯᠤᠨ᠎ᠠ᠃ ᠬᠠᠩᠭᠠᠨ ᠪᠤᠷᠤᠯᠠᠭᠤᠯᠬᠤ ᠬᠤᠷᠰᠢᠶ᠎ᠠ᠂ ᠰᠢᠤᠳᠠᠨ ᠤ ᠶᠠᠪᠤᠳᠠᠯ᠂ ᠬᠦᠳᠡᠭᠡ ᠠᠵᠤ ᠠᠬᠤᠢ ᠶᠢᠨ ᠤᠢᠢᠯᠡᠴᠢᠯᠡᠬᠡᠨ ᠤ ᠺᠤᠮᠫᠠᠨᠢ᠂ ᠲᠠᠷᠢᠶᠠᠴᠢᠳ ᠤᠨ ᠬᠤᠷᠰᠢᠶ᠎ᠠ ᠵᠡᠷᠬᠡ ᠶᠢᠨ ᠲᠠᠷᠢᠶᠠᠯᠠᠩ ᠤᠨ ᠮᠡᠷᠬᠡᠵᠢᠯ ᠢ ᠲᠡᠯᠬᠡᠷᠡᠬᠦᠯᠬᠦ᠂ ᠭᠠᠵᠠᠷ ᠰᠢᠷᠤᠢ ᠶᠢ ᠨᠠᠶᠢᠳᠠᠨ ᠬᠠᠮᠢᠶᠠᠷᠤᠭᠤᠯᠬᠤ᠂ ᠤᠷᠤᠯᠠᠨ ᠬᠠᠭᠠᠯᠪᠤᠷᠢᠯᠠᠵᠤ ᠤᠷᠤᠯᠠᠨ ᠲᠠᠷᠢᠬᠤ᠂ ᠨᠢᠬᠡᠳᠤᠯᠳᠠᠢ ᠰᠡᠷᠬᠡᠶᠢᠯᠠᠨ ᠨᠢᠬᠡᠳᠤᠯᠳᠠᠢ ᠵᠠᠰᠠᠬᠤ᠂ ᠬᠠᠳᠠᠭᠠᠬᠤ ᠬᠤᠳᠠᠯᠳᠤᠨ ᠠᠪᠬᠤ ᠨᠦᠬᠡᠴᠡᠯᠡᠬᠦ ᠵᠡᠷᠬᠡ ᠲᠠᠷᠢᠶᠠᠯᠠᠩ ᠤᠨ ᠤᠢᠢᠯᠡᠳᠪᠤᠷᠢᠯᠠᠯ ᠤᠨ ᠴᠢᠨᠠᠷᠳᠠᠢ ᠤᠢᠢᠯᠡᠴᠢᠯᠡᠭᠡ ᠦᠷᠨᠢᠬᠦᠯᠬᠦ ᠶᠢ ᠲᠡᠮᠵᠢᠨ᠎ᠠ᠃ ᠬᠦᠳᠡᠭᠡ ᠲᠤᠰᠬᠤᠨ ᠤ ᠡᠬᠢ ᠪᠠᠶᠠᠯᠢᠬ᠂ ᠠᠮᠢ ᠠᠬᠤᠢ ᠪᠤᠯᠤᠨ ᠰᠤᠶᠤᠯ ᠤᠨ ᠲᠠᠪᠠᠭᠤᠯᠢᠬ ᠢ ᠬᠦᠢᠴᠡᠳ ᠪᠠᠳᠠᠷᠠᠭᠤᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠭᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠵᠤᠭ᠎ᠠ ᠰᠡᠯᠡᠭᠦᠴᠡᠯ ᠵᠢᠭᠤᠯᠴᠢᠯᠠᠯ᠂ ᠢᠳᠡᠬᠡᠨ ᠤᠮᠳᠠᠭᠠᠨ ᠬᠤᠨᠤᠬᠯᠠᠬᠤ ᠭᠠᠵᠠᠷ᠂ ᠰᠤᠶᠤᠯ ᠢ ᠪᠡᠶᠡᠴᠢᠯᠡᠨ ᠤᠢᠢᠯᠠᠭᠠᠬᠤ᠂ ᠡᠷᠡᠬᠦᠯ ᠮᠡᠨᠳᠦ ᠰᠤᠪᠢᠯᠠᠯᠳᠠ᠂ ᠨᠠᠰᠤᠵᠢᠯ ᠤᠨ ᠤᠢᠢᠯᠡᠴᠢᠯᠡᠭᠡ ᠵᠡᠷᠬᠡ ᠠᠵᠤ ᠤᠢᠢᠯᠡᠰ ᠢ ᠬᠦᠭᠵᠢᠬᠦᠯᠤᠨ᠎ᠠ᠃ ᠬᠦᠳᠡᠭᠡ ᠲᠤᠰᠬᠤᠨ ᠤ ᠵᠢᠭᠤᠯᠴᠢᠯᠠᠯ ᠤᠨ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠴᠢᠩᠭᠠᠳᠬᠠᠵᠤ᠂ ᠡᠷᠡᠬᠦᠯ ᠬᠠᠮᠠᠭᠠᠯᠠᠯ᠂ ᠵᠠᠮ ᠬᠠᠷᠢᠯᠴᠠᠭ᠎ᠠ᠂ ᠮᠡᠳᠡᠭᠡ ᠵᠠᠩᠬᠢ᠂ ᠰᠢᠤᠳᠠᠨ ᠤ ᠶᠠᠪᠤᠳᠠᠯ ᠵᠡᠷᠬᠡ ᠤᠯᠠᠨ ᠨᠡᠶᠢᠳᠠ ᠶᠢᠨ ᠤᠢᠢᠯᠡᠴᠢᠯᠡᠬᠡᠨ ᠤ ᠲᠦᠬᠦᠬᠡᠷᠤᠮᠵᠢ ᠶᠢ ᠰᠠᠶᠢᠵᠢᠷᠠᠭᠤᠯᠤᠨ᠎ᠠ᠃
    ︵ᠲᠦᠷᠪᠡ︶ ᠲᠤᠭᠠᠴᠢᠯᠠᠬᠰᠠᠨ ᠬᠦᠳᠡᠭᠡ ᠲᠤᠰᠬᠤᠨ ᠤ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠤᠨ᠎ᠠ᠃ ︽ᠢᠨᠲ᠋ᠧᠷ ᠰᠦᠯᠵᠢᠶ᠎ᠠ + ᠬᠦᠳᠡᠭᠡ ᠠᠵᠤ ᠠᠬᠤᠢ︾ ᠶᠢ ᠬᠦᠨᠵᠡᠬᠡᠢ ᠠᠬᠢᠭᠤᠯᠵᠤ᠂ ᠬᠦᠳᠡᠭᠡ ᠠᠵᠤ ᠠᠬᠤᠢ ᠶᠢᠨ ᠪᠠᠷᠠᠭ᠎ᠠ ᠶᠢᠨ ᠰᠦᠯᠵᠢᠶᠠᠨ ᠤ ᠵᠢᠱᠢᠶ᠎ᠠ ᠦᠵᠡᠬᠦᠯᠬᠦ ᠭᠡᠷᠡᠭᠯᠡᠭᠡ ᠶᠢ ᠦᠷᠬᠡᠳᠭᠡᠨ᠎ᠠ᠃ ᠬᠦᠳᠡᠭᠡ ᠠᠵᠤ ᠠᠬᠤᠢ ᠶᠢᠨ ᠴᠢᠬᠤᠯᠠ ᠪᠦᠳᠦᠭᠡᠭᠳᠡᠬᠦᠨ ᠤ ᠪᠦᠬᠦ ᠠᠵᠤ ᠤᠢᠢᠯᠡᠰ ᠤᠨ ᠬᠡᠯᠬᠢᠶᠠᠨ ᠤ ᠲᠤᠮᠤ ᠳ᠋ᠠᠶᠢᠲ᠋ᠠ ᠶᠢᠨ ᠪᠦᠳᠤᠬᠡᠨ ᠪᠠᠶᠢᠭᠤᠯᠤᠯᠳᠠ ᠶᠢ ᠠᠬᠢᠭᠤᠯᠵᠤ᠂ ᠤᠯᠤᠰ ᠤᠨ ᠲᠤᠭᠠᠴᠢᠯᠠᠬᠰᠠᠨ ᠬᠦᠳᠡᠭᠡ ᠠᠵᠤ ᠠᠬᠤᠢ ᠬᠦᠳᠡᠭᠡ ᠲᠤᠰᠬᠤᠨ ᠤ ᠰᠢᠰᠲ᠋ᠧᠮ ᠤᠨ ᠪᠦᠳᠤᠬᠡᠨ ᠪᠠᠶᠢᠭᠤᠯᠤᠯᠳᠠ ᠶᠢ ᠴᠢᠩᠭᠠᠳᠬᠠᠨ᠎ᠠ᠃ ᠡᠯᠧᠺᠲᠷᠤᠨ ᠬᠤᠳᠠᠯᠳᠤᠭ᠎ᠠ ᠶᠢ ᠬᠦ᠋ᠳᠡᠭᠡ ᠲᠤᠰᠬᠤᠨ ᠳᠤ ᠤᠷᠤᠭᠤᠯᠬᠤ ᠶᠠᠷᠤᠩᠬᠡᠶᠢᠯᠡᠭᠰᠡᠨ ᠵᠢᠱᠢᠶ᠎ᠠ ᠦᠵᠡᠭᠦᠯᠬᠦ ᠠᠵᠢᠯᠯᠠᠭ᠎ᠠ ᠶᠢ ᠦᠷᠬᠦᠯᠵᠢᠯᠠᠨ ᠦᠷᠨᠢᠬᠦᠯᠵᠤ᠂ ︽ᠢᠨᠲ᠋ᠧᠷ ᠰᠦᠯᠵᠢᠶ᠎ᠠ +︾ ᠬᠦᠳᠡᠭᠡ ᠠᠵᠤ ᠠᠬᠤᠢ ᠶᠢᠨ ᠪᠦᠳᠦᠭᠡᠭᠳᠡᠬᠦᠨ ᠤ ᠬᠦᠳᠡᠭᠡ ᠲᠤᠰᠬᠤᠨ ᠠᠴᠠ ᠭᠠᠷᠴᠤ ᠬᠤᠳᠠ ᠳᠤ ᠤᠷᠤᠬᠤ ᠢᠨᠵᠧᠨᠧᠷᠢᠩ ᠢ ᠭᠡᠷᠡᠭᠵᠢᠬᠦᠯᠤᠨ᠎ᠠ᠂ ᠮᠡᠳᠡᠭᠡ ᠵᠠᠩᠬᠢ ᠶᠢ ᠭᠠᠴᠠᠭ᠎ᠠ ᠲᠤᠰᠬᠤᠨ ᠠᠶᠢᠯ ᠡᠷᠤᠬᠡ ᠳᠤ ᠤᠷᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ︽ᠢᠨᠲ᠋ᠧᠷ ᠰᠦᠯᠵᠢᠶ᠎ᠠ +︾ ᠳᠤ ᠲᠦᠰᠢᠭᠯᠡᠵᠦ ᠤᠯᠠᠨ ᠨᠡᠶᠢᠳᠠ ᠶᠢᠨ ᠤᠢᠢᠯᠡᠴᠢᠯᠡᠬᠡᠨ ᠤ ᠬᠦᠳᠡᠭᠡ ᠲᠤᠰᠬᠤᠨ ᠲᠡᠶᠢᠰᠢ ᠦᠷᠬᠡᠵᠢᠬᠦ ᠶᠢ ᠠᠬᠢᠭᠤᠯᠤᠨ᠎ᠠ᠃
    ︵ᠲᠠᠪᠤ︶ ᠬᠦᠳᠡᠭᠡ ᠲᠤᠰᠬᠤᠨ ᠤ ᠬᠦᠳᠡᠯᠮᠤᠷᠢ ᠬᠦ᠋ᠴᠤ ᠶᠢ ᠰᠢᠯᠵᠢᠬᠦᠯᠤᠨ ᠠᠵᠢᠯ ᠤᠯᠭᠤᠬᠤ ᠶᠢ ᠠᠬᠢᠭᠤᠯᠤᠨ᠎ᠠ᠃ ᠨᠡᠩ ᠢᠳᠡᠪᠬᠢᠳᠠᠢ ᠠᠵᠢᠯ ᠤᠯᠭᠤᠬᠤ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠯᠭᠤᠬᠤ ᠤᠢᠢᠯᠡᠴᠢᠯᠡᠭᠡ ᠪᠤᠯᠤᠨ ᠠᠵᠢᠯ ᠮᠡᠷᠬᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠢ ᠴᠢᠩᠭᠠᠳᠬᠠᠵᠤ᠂ ᠬᠦᠳᠡᠭᠡ ᠲᠤᠰᠬᠤᠨ ᠤ ᠬᠦᠳᠡᠯᠮᠤᠷᠢ ᠬᠦᠴᠤᠨ ᠤ ᠤᠯᠠᠨ ᠠᠷᠭ᠎ᠠ ᠵᠠᠮ ᠢᠶᠠᠷ ᠰᠢᠯᠵᠢᠨ ᠠᠵᠢᠯ ᠤᠯᠬᠤ ᠪᠠ ᠤᠷᠤᠯᠭ᠎ᠠ ᠪᠠᠨ ᠨᠡᠮᠡᠭᠳᠡᠬᠦᠯᠬᠦ ᠶᠢ ᠠᠬᠢᠭᠤᠯᠤᠨ᠎ᠠ᠃ ᠬᠤᠰᠢᠭᠤ ᠰᠢᠶᠠᠨ ᠤ ᠠᠵᠤ ᠠᠬᠤᠢ ᠶᠢ ᠬᠦᠭᠵᠢᠬᠦᠯᠤᠨ ᠪᠤᠵᠠᠭᠠᠢᠢᠷᠠᠭᠤᠯᠵᠤ᠂ ᠠᠵᠤ ᠤᠢᠢᠯᠡᠰ ᠤᠨ ᠡᠮᠬᠢ ᠲᠢᠭᠯᠢᠮ ᠲᠠᠢ ᠱᠠᠳᠤᠯᠢᠭ ᠬᠡᠯᠪᠡᠷᠢ ᠪᠠᠷ ᠰᠢᠯᠵᠢᠬᠦ ᠶᠢ ᠬᠦᠳᠤᠯᠤᠨ ᠲᠠᠭᠠᠭᠤᠯᠵᠤ᠂ ᠳᠤᠬᠢᠷᠠᠮᠵᠢᠳᠠᠢ ᠠᠵᠤ ᠤᠢᠢᠯᠡᠰ ᠤᠨ ᠪᠠᠭ᠎ᠠ ᠬᠤᠳᠠ ᠪᠠᠯᠭᠠᠰᠤ ᠲᠡᠶᠢᠰᠢ ᠲᠦᠪᠯᠡᠷᠡᠨ ᠬᠦᠭᠵᠢᠬᠦ ᠶᠢ ᠲᠡᠮᠵᠢᠵᠤ᠂ ᠠᠵᠢᠯ ᠤᠯᠭᠤᠬᠤ ᠴᠢᠳᠠᠪᠤᠷᠢ ᠪᠠᠷ ᠴᠢᠩᠭ᠎ᠠ ᠬᠦᠳᠡᠭᠡ ᠲᠤᠰᠬᠤᠨ ᠤ ᠠᠵᠤ ᠠᠬᠤᠢᠢᠯᠠᠯ ᠢ ᠳᠡᠳᠭᠦᠨ ᠬᠦᠭᠵᠢᠭᠦᠯᠵᠦ᠂ ᠠᠵᠤ ᠠᠬᠤᠢᠢᠯᠠᠯ ᠤᠨ ᠬᠢᠨ ᠬᠦᠳᠡᠭᠡ ᠲᠤᠰᠬᠤᠨ ᠳᠤ ᠤᠢᠢᠯᠡᠳᠪᠤᠷᠢᠯᠠᠯ ᠤᠨ ᠲᠠᠰᠤᠬ᠂ ᠠᠵᠢᠯ ᠤᠯᠭᠤᠬᠤ ᠰᠠᠭᠤᠷᠢᠨ ᠪᠠᠶᠢᠭᠤᠯᠬᠤ ᠶᠢ ᠲᠡᠮᠵᠢᠵᠤ᠂ ᠲᠠᠷᠢᠶᠠᠴᠢᠳ ᠤᠨ ᠤᠷᠤᠨ ᠨᠤᠳᠤᠭ ᠤᠨ ᠢᠶᠠᠨ ᠤᠢᠢᠷ᠎ᠠ ᠬᠠᠪᠢ ᠪᠠᠷ ᠠᠵᠢᠯ ᠤᠯᠬᠤ ᠤᠷᠤᠨ ᠪᠠᠶᠢᠷᠢ ᠶᠢ ᠨᠡᠮᠡᠭᠳᠡᠬᠦᠯᠤᠨ᠎ᠠ᠃ ᠬᠦᠯᠤᠰᠤᠨ ᠲᠠᠷᠢᠶᠠᠴᠢᠨ ᠤ ᠠᠵᠢᠯ ᠤᠯᠭᠤᠯᠳᠠ ᠶᠢ ᠲᠤᠭᠳᠠᠭᠤᠨ ᠪᠠᠶᠢᠯᠭᠠᠵᠤ᠂ ᠴᠠᠯᠢᠩ ᠬᠦᠯᠤᠰᠤ ᠶᠢ ᠨᠢ ᠴᠠᠬ ᠲᠤᠬᠠᠢ ᠳᠤᠨᠢ ᠲᠤᠭ᠎ᠠ ᠶᠤᠰᠤᠭᠠᠷ ᠤᠯᠭᠤᠬᠤ ᠶᠢ ᠪᠠᠳᠤᠯᠠᠨ᠎ᠠ᠃ ᠬᠦᠳᠡᠭᠡ ᠠᠵᠤ ᠠᠬᠤᠢ ᠠᠴᠠ ᠰᠢᠯᠵᠢᠭᠰᠡᠨ ᠬᠦᠮᠤᠨ ᠠᠮᠠ ᠶᠢᠨ ᠬᠤᠳᠠ ᠶᠢᠨ ᠠᠷᠠᠳ ᠪᠤᠯᠬᠤ ᠠᠬᠢᠴᠠ ᠶᠢ ᠲᠦᠷᠬᠡᠳᠬᠡᠵᠤ᠂ ᠬᠤᠳᠠ ᠪᠠᠯᠭᠠᠰᠤᠨ ᠤ ᠦᠨᠳᠤᠰᠤᠨ ᠤᠯᠠᠨ ᠨᠠᠶᠢᠳᠠ ᠶᠢᠨ ᠤᠢᠢᠯᠡᠴᠢᠯᠡᠭᠡ ᠪᠠᠶᠢᠩᠭᠤ ᠰᠠᠭᠤᠭ᠎ᠠ ᠬᠦᠮᠤᠨ ᠠᠮᠠ ᠶᠢ ᠪᠦᠬᠦᠨ ᠢ ᠬᠠᠮᠤᠷᠬᠤ ᠶᠢ ᠠᠬᠢᠭᠤᠯᠤᠨ᠎ᠠ᠃
    ︵ᠵᠢᠷᠭᠤᠭ᠎ᠠ︶ ᠬᠦᠳᠡᠭᠡ ᠲᠤᠰᠬᠤᠨ ᠤ ᠰᠢᠨ᠎ᠠ ᠶᠢ ᠡᠬᠦᠳᠴᠤ ᠤᠢᠢᠯᠡᠰ ᠪᠤᠰᠬᠠᠬᠤ ᠶᠢ ᠲᠡᠮᠵᠢᠨ᠎ᠠ᠃ ᠭᠠᠳᠠᠬᠰᠢ ᠭᠠᠷᠤᠬᠰᠠᠨ ᠬᠦᠯᠤᠰᠤᠨ ᠳᠠᠷᠢᠶᠠᠴᠢᠨ᠂ ᠶᠡᠭᠡ ᠰᠤᠷᠭᠠᠭᠤᠯᠢ ᠠᠴᠠ ᠲᠡᠬᠦᠰᠦᠭᠰᠡᠨ ᠤᠶᠤᠳᠠᠨ᠂ ᠴᠡᠷᠢᠭ ᠠᠴᠠ ᠬᠠᠯᠠᠬᠳᠠᠬᠰᠠᠳ᠂ ᠬᠤᠳᠠ ᠶᠢᠨ ᠡᠯ᠎ᠠ ᠲᠦᠷᠤᠯ ᠤᠨ ᠴᠢᠳᠠᠪᠤᠷᠢᠳᠠᠨ ᠤ ᠨᠤᠳᠤᠬ ᠲᠠᠭᠠᠨ ᠪᠤᠴᠠᠵᠤ ᠬᠦᠳᠡᠭᠡ ᠪᠠᠭᠤᠵᠤ ᠰᠢᠨ᠎ᠠ ᠶᠢ ᠡᠬᠦᠳᠴᠤ ᠤᠢᠢᠯᠡᠰ ᠪᠤᠰᠬᠠᠬᠤ ᠶᠢ ᠵᠤᠷᠢᠬᠵᠢᠭᠤᠯᠵᠤ᠂ ᠤᠯᠠᠨ ᠵᠦᠢᠯ ᠤᠨ ᠬᠡᠯᠪᠡᠷᠢ ᠶᠢᠨ ᠤᠢᠢᠯᠡᠰ ᠪᠤᠰᠬᠠᠬᠤ ᠶᠢ ᠲᠤᠯᠭᠠᠭᠤᠷᠢᠯᠠᠬᠤ ᠤᠢᠢᠯᠡᠴᠢᠯᠡᠬᠡᠨ ᠤ ᠲᠠᠪᠴᠠᠩ ᠪᠠᠶᠢᠭᠤᠯᠬᠤ ᠶᠢ ᠲᠡᠮᠵᠢᠵᠤ᠂ ᠬᠦᠳᠡᠭᠡ ᠲᠤᠰᠬᠤᠨ ᠤ ᠰᠢᠨ᠎ᠠ ᠶᠢ ᠡᠬᠦᠳᠴᠤ ᠤᠢᠢᠯᠡᠰ ᠪᠤᠰᠬᠠᠬᠤ ᠶᠢ ᠲᠡᠮᠵᠢᠬᠦ ᠤᠢᠢᠯᠡᠴᠢᠯᠡᠬᠡᠨ ᠤ ᠰᠢᠰᠲ᠋ᠧᠮ ᠢ ᠲᠡᠬᠦᠯᠳᠡᠷᠵᠢᠬᠦᠯᠤᠨ᠎ᠠ᠃ ᠭᠠᠶᠢᠯᠢ ᠶᠢ ᠬᠦ᠋ᠩᠭᠡᠷᠡᠭᠦᠯᠵᠦ ᠰᠦᠢᠳᠬᠡᠯ ᠢ ᠪᠠᠭᠤᠷᠠᠭᠤᠯᠬᠤ ᠲᠦᠷᠤ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠤᠷᠤᠨ ᠨᠤᠳᠤᠬ ᠤᠨ ᠬᠢᠨ ᠤ ᠬᠦᠳᠡᠭᠡ ᠲᠤᠰᠬᠤᠨ ᠤ ᠠᠵᠢᠯ ᠤᠯᠭᠤᠯᠳᠠ ᠪᠠ ᠤᠢᠢᠯᠡᠰ ᠪᠤᠰᠬᠠᠬᠤ ᠶᠢ ᠬᠦᠲᠦᠯᠦᠨ ᠵᠢᠯᠤᠭᠤᠳᠬᠤ ᠰᠠᠭᠤᠷᠢ ᠮᠦᠩᠬᠦ ᠪᠠᠶᠢᠭᠤᠯᠬᠤ ᠶᠢ ᠵᠤᠷᠢᠬᠵᠢᠭᠤᠯᠵᠤ᠂ ᠭᠠᠵᠠᠷ ᠰᠢᠷᠤᠢ ᠭᠡᠷᠡᠭᠯᠡᠬᠦ᠂ ᠢᠳᠡᠬᠡᠮᠵᠢᠳᠤ ᠵᠢᠬᠡᠯᠡᠯᠬᠡ ᠠᠪᠬᠤ ᠵᠡᠷᠬᠡ ᠬᠦᠴᠢᠷᠳᠠᠯ ᠢ ᠱᠠᠯᠠᠪᠳᠠᠨ ᠰᠢᠢᠳᠪᠤᠷᠢᠯᠡᠨ᠎ᠠ᠃ ᠰᠢᠨ᠎ᠠ ᠶᠢ ᠡᠬᠦᠳᠴᠤ ᠤᠢᠢᠯᠡᠰ ᠪᠤᠰᠬᠠᠬᠤ ᠶᠢ ᠪᠤᠶᠢᠵᠢᠭᠤᠯᠬᠤ ᠲᠠᠪᠴᠠᠩ ᠤᠨ ᠪᠦᠳᠤᠬᠡᠨ ᠪᠠᠶᠢᠭᠤᠯᠤᠯᠳᠠ ᠶᠢ ᠴᠢᠩᠭᠠᠳᠬᠠᠵᠤ᠂ ᠨᠢᠬᠡ ᠪᠦᠯᠦᠭ ᠨᠤᠳᠤᠬ ᠲᠠᠭᠠᠨ ᠪᠤᠴᠠᠵᠤ ᠤᠢᠢᠯᠡᠰ ᠪᠤᠰᠬᠠᠬᠤ ᠬᠦᠷᠢᠶᠠᠯᠠᠩ ᠪᠠᠶᠢᠭᠤᠯᠬᠤ ᠶᠢ ᠲᠡᠮᠵᠢᠵᠤ᠂ ᠪᠠᠭ᠎ᠠ ᠵᠢᠵᠢᠭ ᠠᠵᠤ ᠠᠬᠤᠢᠢᠯᠠᠯ ᠤᠨ ᠬᠦᠭᠵᠢᠯᠳᠠ ᠶᠢ ᠲᠡᠮᠵᠢᠨ᠎ᠠ᠃
    ᠲᠠᠪᠤ᠂ ᠬᠦᠳᠡᠭᠡ ᠲᠤᠰᠬᠤᠨ ᠤ ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠵᠤ᠂ ᠬᠦᠳᠡᠭᠡ ᠲᠤᠰᠬᠤᠨ ᠤ ᠬᠦᠭᠵᠢᠯᠳᠠ ᠶᠢᠨ ᠠᠮᠢᠵᠢᠷᠠᠯ ᠤᠨ ᠬᠦᠴᠤᠨ ᠢ ᠬᠦᠭᠵᠢᠬᠡᠨ᠎ᠡ
    ︵ᠨᠢᠬᠡ︶ ᠬᠦᠳᠡᠭᠡ ᠲᠤᠰᠬᠤᠨ ᠤ ᠦᠨᠳᠤᠰᠤᠨ ᠡᠵᠡᠩᠨᠡᠯᠳᠠ ᠶᠢᠨ ᠲᠦᠷᠢᠮ ᠢ ᠪᠠᠳᠤᠳᠬᠠᠨ ᠲᠡᠬᠦᠯᠳᠡᠷᠵᠢᠬᠦᠯᠤᠨ᠎ᠠ᠃ ᠭᠡᠷ ᠪᠦᠯᠢ ᠶᠢᠨ ᠡᠵᠡᠩᠨᠠᠯᠳᠠ ᠶᠢᠨ ᠰᠠᠭᠤᠷᠢ ᠴᠢᠨᠠᠷᠳᠠᠢ ᠪᠠᠶᠢᠷᠢ ᠰᠠᠭᠤᠷᠢ ᠶᠢ ᠪᠠᠷᠢᠮᠳᠠᠯᠠᠵᠤ᠂ ᠳᠠᠪᠬᠤᠷ ᠡᠵᠡᠩᠨᠠᠯᠳᠠ ᠶᠢᠨ ᠪᠠᠶᠢᠭᠤᠯᠤᠮᠵᠢ ᠳᠤ ᠰᠢᠨ᠎ᠠ ᠠᠭᠤᠯᠤᠬᠳᠠᠬᠤᠨ ᠨᠡᠮᠡᠷᠢᠯᠡᠨ᠎ᠠ᠃ ᠬᠡᠷ ᠪᠦᠯᠢ ᠶᠢᠨ ᠲᠠᠷᠢᠶᠠᠯᠠᠩ ᠤᠨ ᠲᠠᠯᠠᠪᠠᠢ ᠪᠤᠯᠤᠨ ᠲᠠᠷᠢᠶᠠᠴᠢᠳ ᠤᠨ ᠬᠤᠷᠰᠢᠶ᠎ᠠ ᠬᠤᠶᠠᠷ ᠲᠦᠷᠤᠯ ᠤᠨ ᠰᠢᠨ᠎ᠠ ᠮᠠᠶ᠋ᠢᠬ ᠤᠨ ᠬᠦᠳᠡᠭᠡ ᠠᠵᠤ ᠠᠬᠤᠢ ᠶᠢᠨ ᠡᠵᠡᠩᠨᠠᠯᠳᠠ ᠶᠢᠨ ᠭᠤᠤᠯ ᠴᠤᠬᠴᠠ ᠶᠢ ᠲᠤᠪᠤᠶᠢᠮ᠎ᠠ ᠰᠠᠶᠢᠳᠦᠷ ᠠᠳᠬᠤᠵᠤ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢ ᠪᠤᠶᠢᠵᠢᠭᠤᠯᠬᠤ ᠲᠦᠯᠤᠪᠯᠡᠭᠡ ᠶᠢ ᠬᠡᠷᠡᠭᠵᠢᠭᠦᠯᠵᠦ᠂ ᠲᠠᠷᠢᠶᠠᠴᠢᠳ ᠤᠨ ᠬᠤᠷᠰᠢᠶ᠎ᠠ ᠶᠢ ᠵᠢᠷᠤᠮᠵᠢᠭᠤᠯᠤᠨ ᠲᠡᠰ ᠲᠡᠪᠰᠢᠬᠦᠯᠬᠦ ᠠᠵᠢᠯᠯᠠᠭ᠎ᠠ ᠦᠷᠨᠢᠬᠦᠯᠵᠤ᠂ ᠵᠢᠱᠢᠶ᠎ᠡ ᠦᠵᠡᠬᠦᠯᠬᠦ ᠬᠤᠷᠰᠢᠶᠠᠨ ᠤ ᠪᠦᠲᠦᠭᠡᠨ ᠪᠠᠶᠢᠭᠤᠯᠤᠯᠳᠠ ᠶᠢ ᠬᠦᠨᠵᠡᠬᠡᠢ ᠠᠬᠢᠭᠤᠯᠵᠤ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠶᠠᠴᠢᠳ ᠤᠨ ᠬᠤᠷᠰᠢᠶᠠᠨ ᠤ ᠬᠦᠭᠵᠢᠯᠳᠠ ᠶᠢ ᠳᠡᠮᠵᠢᠬᠦ ᠲᠦᠷᠤ ᠶᠢᠨ ᠪᠤᠳᠤᠯᠭ᠎ᠠ ᠶᠢᠨ ᠰᠢᠰᠲ᠋ᠧᠮ ᠪᠤᠯᠤᠨ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠲᠡᠬᠦᠯᠳᠡᠷᠵᠢᠬᠦᠯᠤᠨ᠎ᠠ᠃ ᠵᠢᠵᠢᠭ ᠲᠠᠷᠢᠶᠠᠴᠢᠨ ᠡᠷᠤᠬᠡ ᠪᠤᠯᠤᠨ ᠤᠳᠤ ᠦᠶ᠎ᠠ ᠶᠢᠨ ᠬᠦᠳᠡᠭᠡ ᠠᠵᠤ ᠠᠬᠤᠢ ᠶᠢᠨ ᠬᠦᠭᠵᠢᠯᠳᠠ ᠶᠢᠨ ᠤᠷᠭᠠᠨᠢᠬ ᠢᠶᠠᠷ ᠵᠤᠯᠭᠠᠯᠴᠠᠬᠤ ᠶᠢ ᠳᠡᠳᠬᠦᠬᠦ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ︽ᠲᠠᠷᠢᠶᠠᠴᠢᠨ ᠡᠷᠤᠬᠡ + ᠬᠤᠷᠰᠢᠶ᠎ᠠ︾᠂ ︽ᠲᠠᠷᠢᠶᠠᠴᠢᠨ ᠡᠷᠤᠬᠡ + ᠺᠤᠮᠫᠠᠨᠢ︾ ᠬᠡᠯᠪᠡᠷᠢ ᠶᠢᠨ ᠠᠰᠢᠬ ᠲᠤᠰᠠ ᠶᠢᠨ ᠬᠤᠯᠪᠤᠭᠠᠳᠤ ᠲᠤᠬᠳᠠᠴᠠ ᠶᠢ ᠲᠡᠬᠦᠯᠳᠡᠷᠵᠢᠬᠦᠯᠤᠨ᠎ᠠ᠃ ᠡᠯ᠎ᠠ ᠵᠦᠢᠯ ᠤᠨ ᠨᠡᠶᠢᠬᠡᠮᠴᠢᠯᠡᠭᠰᠡᠨ ᠤᠢᠢᠯᠡᠴᠢᠯᠡᠬᠡᠨ ᠤ ᠵᠤᠬᠢᠶᠠᠨ ᠪᠠᠶᠢᠭᠤᠯᠤᠯᠳᠠ ᠶᠢ ᠲᠦᠷᠬᠡᠪᠴᠢᠯᠡᠨ ᠪᠤᠶᠢᠵᠢᠭᠤᠯᠵᠤ᠂ ᠡᠷᠦᠬᠡ ᠭᠡᠷ ᠪᠤᠯᠭᠠᠨ ᠳᠤ ᠪᠦᠬᠦ ᠶᠠᠪᠤᠴᠠ ᠶᠢᠨ ᠨᠡᠶᠢᠬᠡᠮᠴᠢᠯᠡᠭᠰᠡᠨ ᠤᠢᠢᠯᠡᠴᠢᠯᠡᠭᠡ ᠬᠠᠩᠭᠠᠨ᠎ᠠ᠃ ᠨᠤᠳᠤᠬ ᠪᠡᠯᠴᠢᠬᠡᠷ ᠤᠨ ᠲᠠᠭᠠᠭᠠᠴᠢᠯᠠᠯᠳᠠ ᠡᠵᠡᠩᠨᠠᠯᠳᠠ ᠶᠢᠨ ᠲᠦᠷᠢᠮ ᠢ ᠲᠡᠬᠦᠯᠳᠡᠷᠵᠢᠬᠦᠯᠬᠦ ᠰᠠᠨᠠᠯ ᠢ ᠱᠠᠯᠠᠪᠳᠠᠨ ᠲᠤᠭᠳᠠᠭᠠᠨ᠎ᠠ᠃ ᠬᠦᠳᠡᠭᠡ ᠠᠵᠤ ᠠᠬᠤᠢ ᠶᠢᠨ ᠤᠰᠤᠨ ᠤ ᠦᠨ᠎ᠠ ᠬᠠᠩᠰᠢ ᠶᠢᠨ ᠶᠠᠷᠤᠩᠬᠡᠶᠢᠯᠡᠭᠰᠡᠨ ᠦᠬᠡᠷᠡᠴᠢᠯᠠᠯᠳᠠ ᠶᠢ ᠲᠦᠷᠭᠡᠪᠴᠢᠯᠡᠨ ᠠᠬᠢᠭᠤᠯᠵᠤ᠂ ᠤᠰᠤ ᠠᠷᠪᠢᠯᠠᠬᠤ ᠶᠢ ᠵᠤᠷᠢᠬᠵᠢᠭᠤᠯᠬᠤ ᠲᠤᠭᠳᠠᠴᠠ ᠶᠢ ᠪᠠᠶᠢᠭᠤᠯᠤᠨ ᠲᠡᠬᠦᠯᠳᠡᠷᠵᠢᠬᠦᠯᠤᠨ᠎ᠠ᠃ ᠬᠠᠩᠭᠠᠨ ᠪᠤᠷᠤᠯᠠᠭᠤᠯᠬᠤ ᠬᠤᠷᠰᠢᠶᠠᠨ ᠤ ᠶᠡᠷᠦᠩᠬᠡᠶᠢᠯᠡᠭᠰᠡᠨ ᠦᠬᠡᠷᠡᠴᠢᠯᠠᠯᠳᠠ ᠶᠢ ᠦᠷᠬᠦᠯᠵᠢᠯᠠᠨ ᠬᠦᠨᠵᠡᠬᠡᠶᠢᠷᠡᠬᠦᠯᠵᠤ᠂ ᠬᠠᠩᠭᠠᠨ ᠪᠤᠷᠤᠯᠠᠭᠤᠯᠬᠤ ᠬᠤᠷᠰᠢᠶᠠᠨ ᠤ ᠲᠦᠷᠢᠮ ᠢ ᠲᠤᠭᠳᠠᠭᠠᠨ᠎ᠠ᠃ ᠬᠠᠮᠳᠤ ᠶᠢᠨ ᠤᠢ ᠰᠢᠭᠤᠢ ᠶᠢᠨ ᠡᠷᠬᠡ ᠶᠢᠨ ᠲᠦᠷᠢᠮ ᠪᠤᠯᠤᠨ ᠤᠯᠤᠰ ᠤᠨ ᠦᠮᠴᠢᠯᠠᠯ ᠤᠨ ᠰᠢᠭᠤᠢᠢᠳᠤ ᠤᠷᠤᠨ ᠤ ᠤᠢ ᠰᠢᠭᠤᠢ ᠶᠢᠨ ᠲᠠᠯᠠᠪᠠᠢ ᠶᠢᠨ ᠦᠬᠡᠷᠡᠴᠢᠯᠠᠯᠳᠠ ᠶᠢ ᠬᠦᠨᠵᠡᠬᠡᠶᠢᠷᠡᠬᠦᠯᠤᠨ᠎ᠠ᠃ ᠠᠳᠠᠷ ᠬᠠᠭᠠᠯᠪᠤᠷᠢᠯᠠᠯᠳᠠ ᠶᠢᠨ ᠤᠷᠤᠨ ᠤ ᠪᠦᠯᠦᠭᠴᠢᠯᠡᠯᠳᠡ᠂ ᠲᠠᠷᠢᠶᠠᠯᠠᠩ ᠤᠨ ᠲᠠᠯᠠᠪᠠᠢ ᠶᠢᠨ ᠠᠵᠤ ᠠᠬᠤᠢᠢᠯᠠᠯᠴᠢᠯᠠᠯᠳᠠ ᠶᠢᠨ ᠦᠬᠡᠷᠡᠴᠢᠯᠠᠯᠳᠠ ᠶᠢ ᠶᠡᠭᠡ ᠪᠠᠷ ᠠᠬᠢᠭᠤᠯᠤᠨ᠎ᠠ᠃
    ︵ᠬᠤᠶᠠᠷ︶ ᠬᠥᠳᠡᠭᠡ ᠲᠣᠰᠬᠤᠨ ᠤ ᠭᠠᠵᠠᠷ ᠰᠢᠷᠣᠶ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠤᠨ᠎ᠠ᠃ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢᠨ ᠲᠣᠭᠲᠠᠪᠤᠷᠢᠲᠠᠶ ᠪᠥᠭᠡᠳ ᠤᠷᠲᠤ ᠬᠤᠭᠤᠴᠠᠭ᠎ᠠ ᠬᠤᠪᠢᠷᠠᠬᠤ ᠦᠭᠡᠢ ᠪᠠᠶᠢᠬᠤ ᠶᠢ ᠪᠠᠳᠤᠯᠠᠵᠤ᠂ ᠢᠵᠢ ᠪᠦᠷᠢᠳᠦᠬᠦᠯᠬᠦ ᠲᠦᠷᠦ ᠶᠢᠨ ᠪᠤᠳᠤᠯᠭ᠎ᠠ ᠶᠢ ᠰᠤᠳᠤᠯᠤᠨ ᠲᠣᠭᠲᠠᠭᠠᠵᠤ᠂ ᠡᠯ᠎ᠡ ᠭᠠᠵᠠᠷ ᠤᠨ ᠬᠢᠨ ᠢ ᠵᠢᠯᠣᠭᠤᠳᠴᠤ ᠪᠠᠶᠢᠭᠠᠳ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠦᠷᠭᠦᠯᠵᠢᠯᠡᠨ ᠳᠠᠭᠠᠭᠠᠴᠢᠯᠠᠭᠤᠯᠬᠤ ᠪᠣᠳᠠᠲᠠᠶ ᠠᠷᠭ᠎ᠠ ᠬᠡᠮᠵᠢᠶ᠎ᠠ ᠶᠢ ᠳᠤᠳᠤᠷᠬᠠᠢ ᠪᠤᠯᠭᠠᠵᠥ᠂ ᠲᠥᠷᠥ ᠶᠢᠨ ᠪᠣᠳᠣᠯᠭ᠎ᠠ ᠶᠢᠨ ᠵᠤᠯᠭᠠᠯᠴᠠᠭ᠎ᠠ ᠶᠢᠨ ᠯᠠᠪᠳᠠᠭᠤᠨ ᠰᠢᠯᠵᠢᠯᠲᠡ ᠶᠢ ᠪᠠᠳᠤᠯᠠᠨ᠎ᠠ᠃ ᠬᠠᠮᠲᠤ ᠶᠢᠨ ᠥᠮᠴᠢᠯᠡᠯ ᠤᠨ ᠡᠷᠬᠡ ᠶᠢ ᠨᠠᠶᠢᠳᠠᠪᠤᠷᠢᠵᠢᠭᠤᠯᠬᠤ᠂ ᠲᠠᠷᠢᠶᠠᠴᠢᠨ ᠡᠷᠦᠬᠡ ᠶᠢᠨ ᠳᠠᠭᠠᠭᠠᠴᠢᠯᠠᠯᠲᠠ ᠶᠢᠨ ᠡᠷᠬᠡ ᠶᠢ ᠲᠣᠭᠲᠠᠪᠤᠷᠢᠵᠢᠭᠤᠯᠬᠤ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠠᠮᠢᠳᠤᠯᠢᠭ ᠪᠤᠯᠭᠠᠬᠤ ᠬᠠᠤᠯᠢ ᠴᠠᠭᠠᠵᠠ ᠳᠦᠷᠢᠮ ᠳᠤᠭᠳᠠᠭᠠᠯ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠳᠡᠬᠦᠯᠳᠡᠷᠵᠢᠬᠦᠯᠤᠨ᠎ᠠ᠃ ᠳᠠᠭᠠᠭᠠᠴᠢᠯᠠᠯᠲᠠ ᠶᠢᠨ ᠭᠠᠵᠠᠷ ᠤᠨ ᠡᠷᠬᠡ ᠶᠢ ᠨᠤᠲᠠᠯᠠᠨ ᠳᠤᠭᠳᠠᠭᠠᠵᠤ ᠳᠡᠩᠰᠡᠯᠡᠨ ᠲᠡᠮᠳᠡᠭᠯᠡᠵᠤ ᠦᠨᠡᠮᠯᠡᠯ ᠣᠯᠭᠤᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠦᠭᠰᠡᠨ ᠤ ᠰᠠᠭᠤᠷᠢᠨ ᠳᠡᠭᠡᠷ᠎ᠡ ︽ᠡᠷᠭᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠰᠡᠭᠦᠯ ᠬᠤᠷᠢᠶᠠᠬᠤ ᠠᠵᠢᠯ ᠢ ᠰᠠᠶᠢᠲᠤᠷ ᠬᠢᠵᠦ᠂ ᠦᠯᠡᠳᠡᠭᠳᠡᠯ ᠠᠰᠠᠭᠤᠳᠠᠯ ᠢ ᠲᠣᠬᠢᠲᠠᠶ ᠰᠢᠶ᠋ᠳᠪᠦᠷᠢᠯᠡᠵᠥ᠂ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠢ ᠲᠠᠷᠢᠶᠠᠴᠢᠨ ᠡᠷᠦᠬᠡ ᠳᠤ ᠤᠯᠭᠤᠨ᠎ᠠ᠃ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠰᠢᠯᠵᠢᠯᠲᠡ ᠶᠢ ᠵᠢᠷᠤᠮᠵᠢᠭᠤᠯᠬᠤ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠵᠥ᠂ ᠤᠯᠠᠨ ᠵᠦᠢᠯ ᠤᠨ ᠬᠡᠯᠪᠡᠷᠢ ᠶᠢᠨ ᠲᠠᠷᠢᠶᠠᠯᠠᠩ ᠤᠨ ᠵᠤᠬᠢᠰᠳᠠᠢ ᠬᠡᠪᠴᠢᠶᠡᠵᠢᠬᠦᠯᠦᠭᠰᠡᠨ ᠡᠵᠡᠩᠨᠡᠯᠲᠡ ᠶᠢ ᠬᠥᠭᠵᠢᠭᠦᠯᠵᠥ᠂ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠪᠠᠷ ᠪᠠᠳᠤᠯᠠᠨ ᠳᠠᠭᠠᠭᠠᠵᠤ ᠪᠡᠯᠡ ᠬᠤᠷᠠᠮᠳᠤᠭᠤᠯᠬᠤ ᠶᠢ ᠵᠦᠪᠰᠢᠶᠡᠷᠡᠨ᠎ᠡ᠃ ᠬᠥᠳᠡᠭᠡ ᠲᠣᠰᠬᠤᠨ ᠤ ᠭᠠᠵᠠᠷ ᠰᠢᠷᠣᠶ ᠶᠢᠨ ᠲᠦᠷᠢᠮ ᠤᠨ ᠭᠤᠷᠪᠠᠨ ᠵᠦᠶ᠋ᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠲᠤᠷᠰᠢᠯᠭ᠎ᠠ ᠶᠢ ᠰᠠᠶᠢᠲᠤᠷ ᠳ᠋ᠦᠩᠨᠡᠵᠦ᠂ ᠥᠭᠡᠷᠡᠴᠢᠯᠡᠯᠲᠡ ᠶᠢᠨ ᠦᠷ᠎ᠡ ᠪᠦᠲᠦᠬᠡᠯ ᠢᠶᠠᠨ ᠪᠠᠬᠢᠵᠢᠭᠦᠯᠦᠨ᠎ᠡ᠃ ᠬᠥᠳᠡᠭᠡ ᠲᠣᠰᠬᠤᠨ ᠤ ᠭᠠᠵᠠᠷ ᠰᠢᠷᠣᠶ ᠪᠤᠯ ᠬᠠᠮᠲᠤ ᠶᠢᠨ ᠥᠮᠴᠢᠯᠡᠯ ᠤᠨ ᠬᠢ᠂ ᠳᠤᠷ᠎ᠠ ᠪᠠᠷ ᠢᠶᠠᠨ ᠬᠤᠪᠢ ᠶᠢᠨ ᠦᠮᠴᠢᠯᠡᠯ ᠤᠨ ᠬᠢ ᠪᠤᠯᠭᠠᠵᠤ ᠪᠤᠯᠬᠤ ᠦᠬᠡᠢ ᠪᠠᠶᠢᠬᠤ ᠶᠢ ᠪᠠᠷᠢᠮᠳᠠᠯᠠᠵᠥ᠂ ᠲᠠᠷᠢᠶᠠᠨ ᠭᠠᠵᠠᠷ ᠢ ᠲᠠᠷᠢᠶᠠᠯᠠᠩ ᠳᠤ ᠬᠡᠷᠡᠭᠯᠡᠬᠦ᠂ ᠲᠠᠷᠢᠶᠠᠯᠠᠩ ᠤᠨ ᠪᠤᠰᠤ ᠪᠤᠯᠬᠤ ᠠᠴᠠ ᠰᠡᠷᠭᠡᠶᠢᠯᠡᠬᠦ ᠶᠢ ᠪᠠᠷᠢᠮᠲᠠᠯᠠᠵᠤ᠂ ᠲᠠᠷᠢᠶᠠᠴᠢᠳ ᠤᠨ ᠭᠠᠵᠠᠷ ᠰᠢᠷᠣᠶ ᠶᠢᠨ ᠡᠷᠬᠡ ᠠᠰᠢᠭ ᠢ ᠪᠠᠲᠤᠯᠠᠵᠤ᠂ ᠭᠠᠵᠠᠷ ᠰᠢᠷᠤᠢ ᠶᠢᠨ ᠳᠠᠭᠠᠭᠠᠴᠢᠯᠠᠯᠳᠠ ᠶᠢᠨ ᠡᠷᠬᠡ ᠪᠣᠯᠤᠨ ᠣᠷᠣᠨ ᠰᠠᠭᠤᠴᠠ ᠶᠢᠨ ᠭᠠᠵᠠᠷ ᠤᠨ ᠦᠮᠴᠢᠯᠡᠯ ᠤᠨ ᠡᠷᠬᠡ ᠪᠠᠨ ᠳᠠᠶᠠᠭᠳᠠᠭᠤᠯᠬᠤ ᠪᠠᠷ ᠳᠠᠷᠢᠶᠠᠴᠢᠳ ᠤᠨ ᠬᠤᠳᠠ ᠶᠢᠨ ᠡᠷᠦᠬᠡ ᠠᠮᠠ ᠳᠤ ᠤᠷᠤᠬᠤ ᠨᠦᠬᠦᠴᠡᠯ ᠪᠣᠯᠭᠠᠵᠤ ᠪᠣᠯᠬᠤ ᠦᠭᠡᠢ ᠶᠢ ᠪᠠᠷᠢᠮᠳᠠᠯᠠᠵᠥ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠲᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠤᠨ᠎ᠠ᠃ ᠬᠤᠯᠪᠣᠭᠳᠠᠯ ᠪᠦᠭᠦᠢ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠶᠢᠨ ᠰᠠᠭᠤᠷᠢᠨ ᠳᠡᠭᠡᠷ᠎ᠡ ᠢᠵᠢ ᠪᠦᠷᠢᠳᠦᠭᠦᠯᠬᠦ ᠲᠦᠷᠢᠮ ᠢ ᠲᠡᠭᠦᠯᠳᠡᠷᠵᠢᠭᠦᠯᠵᠤ᠂ ᠬᠥᠳᠡᠭᠡ ᠲᠣᠰᠬᠤᠨ ᠤ ᠭᠠᠵᠠᠷ ᠰᠢᠷᠣᠶ ᠶᠢ ᠲᠠᠲᠠᠪᠤᠷᠢᠯᠠᠬᠤ ᠳᠦᠷᠢᠮ ᠤᠨ ᠥᠭᠡᠷᠡᠴᠢᠯᠡᠯᠲᠡ ᠪᠠ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠦᠲᠦᠭᠡᠡ ᠪᠠᠶᠢᠭᠤᠯᠤᠯᠲᠠ ᠶᠢᠨ ᠬᠡᠷᠡᠭᠯᠡᠭᠡᠨ ᠤ ᠭᠠᠵᠠᠷ ᠰᠢᠷᠣᠶ ᠶᠢ ᠵᠠᠬ᠎ᠠ ᠳᠡᠯᠭᠡᠭᠦᠷ ᠲᠤ ᠣᠷᠣᠭᠤᠯᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ ᠬᠤᠲᠠ ᠬᠥᠳᠡᠭᠡ ᠨᠢᠭᠡᠳᠦᠯᠲᠡᠶ ᠪᠦᠲᠦᠭᠡᠡ ᠪᠠᠶᠢᠭᠤᠯᠤᠯᠲᠠ ᠶᠢᠨ ᠬᠡᠷᠡᠭᠯᠡᠭᠡᠨ ᠤ ᠭᠠᠵᠠᠷ ᠤᠨ ᠵᠠᠬ᠎ᠠ ᠳᠡᠯᠭᠡᠭᠦᠷ ᠢ ᠳᠦᠷᠬᠡᠪᠴᠢᠯᠡᠨ ᠪᠠᠶᠢᠭᠤᠯᠤᠨ᠎ᠠ᠃ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢ ᠨᠤᠲᠠᠯᠠᠨ ᠳᠤᠭᠳᠠᠭᠠᠵᠤ ᠳᠡᠩᠰᠡᠯᠡᠨ ᠲᠡᠮᠳᠡᠭᠯᠡᠵᠦ ᠦᠨᠡᠮᠯᠡᠯ ᠣᠯᠭᠤᠬᠤ ᠠᠵᠢᠯ ᠢ ᠲᠦᠷᠭᠡᠪᠴᠢᠯᠡᠨ ᠠᠬᠢᠭᠤᠯᠵᠤ᠂ 2020 ᠣᠨ ᠪᠤᠯᠬᠤ ᠳᠤ ᠦᠨᠳᠦᠰᠦᠨ ᠳᠡᠭᠡᠨ ᠪᠡᠶᠡᠯᠡᠭᠦᠯᠬᠦ ᠪᠠᠷ ᠴᠢᠷᠮᠠᠶᠢᠨ᠎ᠠ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠲᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠪᠣᠯᠭᠤᠮᠵᠢᠲᠠᠶ ᠡᠬᠢᠭᠤᠯᠵᠤ᠂ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠥᠷᠭᠡᠳᠬᠡᠵᠦ᠂ ᠲᠤᠷᠰᠢᠯᠲᠠ ᠶᠢᠨ ᠴᠡᠭ ᠤᠨ ᠠᠭᠤᠯᠭ᠎ᠠ ᠶᠢ ᠪᠠᠶᠠᠯᠢᠭᠵᠢᠭᠤᠯᠵᠥ᠂ ᠲᠦᠷᠢᠮ ᠤᠨ ᠲᠥᠯᠥᠪᠯᠡᠭᠡ ᠪᠠᠨ ᠳᠡᠬᠦᠯᠳᠡᠷᠵᠢᠬᠦᠯᠤᠨ᠎ᠠ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠵᠢᠯᠣᠭᠤᠳᠬᠤ ᠰᠠᠨᠠᠯ ᠢ ᠱᠠᠯᠠᠪᠳᠠᠨ ᠳᠤᠬᠳᠠᠭᠠᠵᠥ ᠴᠢᠩᠭᠠᠳᠬᠠᠨ᠎ᠠ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠳᠦᠷᠢᠮ ᠢ ᠰᠤᠳᠤᠯᠤᠨ ᠳᠤᠭᠳᠠᠭᠠᠵᠤ ᠳᠤᠭᠤᠷᠪᠢᠨ᠎ᠠ᠃ ᠰᠤᠯᠠ ᠤᠷᠬᠢᠭᠳᠠᠵᠤ ᠪᠠᠶᠢᠭ᠎ᠠ ᠣᠷᠣᠨ ᠰᠠᠭᠤᠴᠠ ᠶᠢᠨ ᠭᠠᠵᠠᠷ ᠲᠤ ᠠᠳᠠᠷ ᠬᠠᠭᠠᠯᠪᠤᠷᠢᠯᠠᠯᠳᠠ ᠶᠢ ᠰᠡᠷᠭᠦᠭᠡᠬᠦ ᠳᠤᠷᠰᠢᠯᠳᠠ ᠶᠢᠨ ᠴᠡᠭ ᠤᠨ ᠠᠵᠢᠯ ᠢ ᠦᠷᠨᠢᠬᠦᠯᠦᠨ᠎ᠡ᠃ ᠬᠤᠰᠢᠭᠤ ᠰᠢᠶᠠᠨ ᠤ ᠬᠡᠪᠴᠢᠶᠡᠨ ᠲᠤᠳᠤᠷ᠎ᠠ ᠪᠠᠨ ᠪᠦᠬᠦ ᠤᠷᠤᠨ ᠪᠦᠰᠡ ᠶᠢᠨ ᠬᠥᠳᠡᠭᠡ ᠲᠣᠰᠬᠤᠨ ᠤ ᠰᠤᠯᠠ ᠤᠷᠬᠢᠭᠳᠠᠵᠤ ᠪᠠᠶᠢᠭ᠎ᠠ ᠰᠤᠷᠭᠠᠭᠤᠯᠢ ᠶᠢᠨ ᠭᠡᠷ ᠪᠠᠶᠢᠰᠢᠩ᠂ ᠦᠢᠯᠡᠳᠪᠦᠷᠢ ᠶᠢᠨ ᠲᠠᠰᠤᠭ᠂ ᠬᠠᠶᠠᠭᠳᠠᠮᠠᠯ ᠭᠠᠵᠠᠷ ᠵᠡᠷᠭᠡ ᠶᠢ ᠴᠡᠭᠴᠡᠯᠡᠨ ᠵᠠᠰᠠᠬᠤ ᠠᠵᠢᠯ ᠦᠷᠨᠢᠬᠦᠯᠵᠥ᠂ ᠪᠦᠳᠦᠭᠡᠨ ᠪᠠᠶᠢᠭᠤᠯᠤᠯᠲᠠ ᠶᠢᠨ ᠬᠡᠷᠡᠭᠯᠡᠭᠡᠨ ᠤ ᠭᠠᠵᠠᠷ ᠢ ᠠᠮᠢᠳᠤᠯᠢᠭᠵᠢᠭᠤᠯᠵᠤ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠ ᠨᠤᠲᠤᠭ ᠲᠠᠭᠠᠨ ᠪᠤᠴᠠᠵᠤ ᠬᠥᠳᠡᠭᠡ ᠪᠠᠭᠤᠵᠤ ᠦᠢᠯᠡᠰ ᠪᠤᠰᠬᠠᠬᠤ ᠳᠤ ᠭᠤᠤᠯᠳᠠᠯᠭ᠎ᠠ ᠲᠠᠢ ᠬᠡᠷᠡᠭᠯᠡᠨ᠎ᠡ᠃ ᠲᠠᠷᠢᠶᠠᠯᠠᠩ ᠤᠨ ᠲᠤᠨᠤᠭ ᠲᠥᠬᠦᠭᠡᠷᠦᠮᠵᠢ ᠳᠤ ᠬᠡᠷᠡᠭᠯᠡᠬᠦ ᠭᠠᠵᠠᠷ ᠢ ᠴᠢᠩᠭ᠎ᠠ ᠬᠠᠮᠢᠶᠠᠷᠴᠤ᠂ ᠵᠦᠶ ᠵᠣᠬᠢᠰᠲᠠᠶ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︽ᠳᠠᠷᠢᠶᠠᠨ ᠭᠠᠵᠠᠷ ᠢ ᠨᠡᠷ᠎ᠡ ᠪᠤᠷᠤᠭᠤᠯᠠᠵᠥ ᠡᠵᠡᠯᠡᠭᠰᠡᠨ ᠬᠠᠤᠯᠢ ᠪᠤᠰᠤ ᠪᠠᠷᠢᠯᠭ᠎ᠠ ᠶᠢᠨ ᠠᠰᠠᠭᠤᠳᠠᠯ︾ ᠢ ᠴᠡᠭᠴᠡᠯᠡᠨ ᠵᠠᠰᠠᠬᠰᠠᠨ ᠠᠵᠢᠯ ᠤᠨ ᠦᠷ᠎ᠠ ᠪᠦᠲᠦᠭᠡᠯ ᠢ ᠪᠠᠬᠢᠵᠢᠭᠦᠯᠤᠨ᠎ᠠ᠃ ︽ᠳᠠᠷᠢᠶᠠᠨ ᠭᠠᠵᠠᠷ ᠠᠴᠠ ᠠᠪᠴᠤ᠂ ᠲᠠᠷᠢᠶᠠᠨ ᠭᠠᠵᠠᠷ ᠲᠤ ᠭᠤᠤᠯᠳᠠᠭᠤᠯᠤᠨ ᠬᠡᠷᠡᠭᠯᠡᠬᠦ︾ ᠱᠠᠭᠠᠷᠳᠠᠯᠭ᠎ᠠ ᠶᠤᠰᠤᠭᠠᠷ ᠭᠠᠵᠠᠷ ᠰᠢᠷᠣᠶ ᠶᠢ ᠰᠢᠯᠵᠢᠭᠦᠯᠦᠨ ᠥᠭᠭᠦᠭᠰᠡᠨ ᠣᠷᠣᠯᠭ᠎ᠠ ᠶᠢᠨ ᠬᠡᠷᠡᠭᠯᠡᠬᠦ ᠬᠡᠪᠴᠢᠶ᠎ᠡ ᠶᠢ ᠵᠤᠬᠢᠴᠠᠭᠤᠯᠤᠨ ᠳᠡᠬᠦᠯᠳᠡᠷᠵᠢᠬᠦᠯᠵᠥ᠂ ᠬᠦᠳᠡᠭᠡ ᠠᠵᠤ ᠠᠬᠤᠢ ᠬᠥᠳᠡᠭᠡ ᠲᠣᠰᠬᠤᠨ ᠳᠤ ᠣᠷᠣᠭᠤᠯᠬᠤ ᠬᠠᠷᠢᠴᠠᠯ ᠢᠶᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠶᠢᠯ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠳᠤ ᠭᠤᠤᠯᠳᠠᠭᠤᠯᠤᠨ ᠬᠡᠷᠡᠭᠯᠡᠬᠦ ᠬᠡᠷᠡᠭᠳᠡᠢ᠃ ᠰᠢᠨ᠎ᠡ ᠪᠠᠷ ᠨᠡᠮᠡᠭᠳᠡᠬᠦ ᠲᠠᠷᠢᠶᠠᠨ ᠭᠠᠵᠠᠷ ᠤᠨ ᠭᠦᠶ᠋ᠴᠡᠳᠬᠡᠯ ᠲᠤᠭ᠎ᠠ ᠪᠣᠯᠤᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠤᠭᠳᠠᠭᠤᠯᠬᠤ ᠦᠯᠡᠳᠡᠭᠳᠡᠯ ᠭᠦᠶ᠋ᠴᠡᠳᠬᠡᠯ ᠲᠤᠭ᠎ᠠ ᠶᠢ ᠮᠤᠵᠢ ᠣᠷᠣᠨ ᠠᠯᠤᠰᠯᠠᠨ ᠲᠣᠬᠢᠷᠠᠭᠤᠯᠤᠯᠲᠠ ᠬᠢᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠲᠣᠬᠢᠷᠠᠭᠤᠯᠤᠯᠳᠠ ᠬᠢᠭᠡᠳ ᠤᠯᠤᠬᠰᠠᠨ ᠠᠰᠢᠭ ᠣᠷᠣᠯᠭ᠎ᠠ ᠪᠠᠨ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠬᠦᠯᠦᠨ ᠮᠠᠨᠳᠤᠭᠤᠯᠬᠤ ᠶᠢ ᠳᠡᠮᠵᠢᠬᠦ ᠳᠤ ᠬᠡᠷᠡᠭᠯᠡᠨ᠎ᠡ᠃ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ᠂ ᠪᠣᠳᠠᠰ ᠤᠨ ᠡᠷᠬᠡ ᠶᠢᠨ ᠬᠠᠤᠯᠢ ᠵᠡᠷᠭᠡ ᠬᠠᠤᠯᠢ ᠴᠠᠭᠠᠵᠠ ᠳᠦᠷᠢᠮ ᠲᠣᠭᠲᠠᠭᠠᠯ ᠳᠤ ᠵᠠᠰᠠᠪᠤᠷᠢ ᠤᠷᠤᠭᠤᠯᠬᠤ ᠠᠵᠢᠯ ᠢ ᠱᠠᠯᠠᠪᠳᠠᠨ ᠭᠦᠢᠴᠡᠳᠭᠡᠨ᠎ᠠ᠃
    ︵ᠭᠤᠷᠪᠠ︶ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠎ᠠ᠃ ᠪᠦᠬᠦ ᠤᠯᠤᠰ ᠤᠨ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠢ ᠬᠤᠭᠤᠴᠠᠭ᠎ᠠ ᠶᠣᠰᠣᠭᠠᠷ ᠪᠡᠶᠡᠯᠡᠭᠦᠯᠵᠥ᠂ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠬᠢᠨᠠᠨ ᠬᠠᠮᠢᠶᠠᠷᠬᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠬᠠᠮᠲᠤ ᠶᠢᠨ ᠡᠳ᠋ ᠬᠥᠷᠥᠩᠭᠡ ᠶᠢᠨ ᠡᠯ᠎ᠡ ᠵᠦᠢᠯ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠠᠷᠠᠳᠴᠢᠯᠠᠯ ᠢᠶᠠᠷ ᠵᠥᠪᠳᠡᠬᠦ ᠰᠠᠭᠤᠷᠢᠨ ᠳᠡᠭᠡᠷ᠎ᠡ᠂ ᠪᠦᠷᠢᠯᠳᠦᠬᠦᠨ ᠤ ᠬᠢᠷᠢ ᠭᠡᠮ ᠢ ᠳᠤᠳᠤᠷᠬᠠᠢᠢᠯᠠᠬᠤ ᠠᠵᠢᠯ ᠢ ᠰᠠᠶᠢᠳᠤᠷ ᠬᠢᠵᠤ᠂ ᠬᠠᠷᠢ ᠳᠤ ᠮᠣᠷᠳᠠᠭᠰᠠᠨ ᠡᠮᠡᠭᠳᠠᠢ ᠵᠡᠷᠭᠡ ᠣᠨᠴᠠᠭᠠᠶ ᠬᠦᠮᠦᠰ ᠤᠨ ᠬᠠᠤᠯᠢ ᠶᠣᠰᠣᠨ ᠤ ᠡᠷᠬᠡ ᠠᠰᠢᠭ ᠢ ᠴᠢᠬᠤᠯᠠᠴᠢᠯᠠᠨ ᠬᠠᠮᠠᠭᠠᠯᠠᠵᠤ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠳᠤ ᠬᠤᠪᠢ ᠤᠷᠤᠭᠤᠯᠵᠤ ᠬᠤᠷᠰᠢᠬᠤ ᠲᠦᠷᠢᠮ ᠤᠨ ᠥᠭᠡᠷᠡᠴᠢᠯᠡᠯᠲᠡ ᠬᠢᠬᠦ ᠶᠢ ᠱᠠᠯᠠᠪᠳᠠᠭᠤᠯᠤᠨ ᠠᠬᠢᠭᠤᠯᠵᠤ᠂ ᠲᠤᠷᠰᠢᠯᠲᠠ ᠶᠢᠨ ᠴᠡᠭ ᠤᠨ ᠬᠦᠷᠢᠶ᠎ᠡ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠬᠦ ᠶᠢ ᠵᠢᠭᠠᠨ ᠵᠢᠯᠤᠭᠤᠳᠤᠨ᠎ᠠ᠃ ᠡᠬᠢ ᠪᠠᠶᠠᠯᠢᠭ ᠢ ᠡᠳ᠋ ᠬᠦᠷᠤᠩᠬᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢᠴᠠᠭᠠᠨ ᠤ ᠮᠦᠩᠬᠦ ᠪᠤᠯᠭᠠᠨ ᠬᠤᠪᠢᠷᠠᠭᠤᠯᠬᠤ᠂ ᠳᠠᠷᠢᠶᠠᠴᠢᠨ ᠢ ᠬᠤᠪᠢ ᠣᠷᠣᠭᠤᠯᠤᠭᠴᠢ ᠪᠤᠯᠭᠠᠨ ᠬᠤᠪᠢᠷᠠᠭᠤᠯᠬᠤ ᠲᠤᠷᠰᠢᠯᠭ᠎ᠠ ᠶᠢ ᠳ᠋ᠦᠩᠨᠡᠵᠥ ᠳᠡᠯᠬᠡᠷᠡᠬᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠡᠷᠬᠡ ᠴᠢᠳᠠᠪᠤᠷᠢ ᠶᠢ ᠲᠡᠭᠦᠯᠳᠡᠷᠵᠢᠭᠦᠯᠵᠦ᠂ ᠬᠠᠮᠳᠤ ᠶᠢᠨ ᠡᠳ᠋ ᠬᠦᠷᠦᠩᠬᠡ ᠶᠢᠨ ᠰᠲ᠋ᠣᠺ ᠤᠨ ᠡᠷᠬᠡ ᠪᠠᠨ ᠳᠠᠨᠵᠢᠯᠠᠨ ᠵᠢᠭᠡᠯᠡᠯᠭᠡ ᠠᠪᠬᠤ ᠠᠷᠭ᠎ᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠳᠠ ᠶᠢᠨ ᠬᠠᠤᠯᠢ ᠶᠢ ᠰᠤᠳᠤᠯᠤᠨ ᠳᠤᠬᠳᠠᠭᠠᠨ᠎ᠠ᠃ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠭᠦᠯᠬᠦ ᠠᠷᠠᠯᠵᠢᠶᠠᠨ ᠤ ᠵᠠᠬ᠎ᠠ ᠳᠡᠯᠭᠡᠭᠦᠷ ᠢ ᠪᠦᠷᠢᠨᠰᠢᠬᠦᠯᠵᠥ᠂ ᠬᠥᠳᠡᠭᠡ ᠲᠣᠰᠬᠤᠨ ᠤ ᠡᠯ᠎ᠡ ᠲᠥᠷᠥᠯ ᠤᠨ ᠥᠮᠴᠢᠯᠡᠯ ᠤᠨ ᠡᠷᠬᠡ ᠶᠢ ᠰᠢᠯᠵᠢᠭᠦᠯᠬᠦ ᠠᠷᠠᠯᠵᠢᠶ᠎ᠠ ᠶᠢᠨ ᠢᠯᠡ ᠲᠣᠳᠣ ᠵᠢᠷᠤᠮᠵᠢᠭᠤᠨ ᠶᠠᠪᠤᠭᠳᠠᠬᠤ ᠶᠢ ᠠᠬᠢᠭᠤᠯᠤᠨ᠎ᠡ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠣᠨᠴᠠᠯᠢᠭ ᠲᠤ ᠳᠣᠭᠢᠷᠠᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢ ᠰᠤᠳᠤᠯᠵᠤ ᠳᠡᠬᠦᠯᠳᠡᠷᠵᠢᠬᠦᠯᠦᠨ᠎ᠡ᠃
    ︵ᠲᠦᠷᠪᠡ︶ ᠬᠦᠳᠡᠭᠡ ᠠᠵᠤ ᠠᠬᠤᠢ ᠶᠢ ᠳᠡᠳᠬᠦᠨ ᠬᠠᠮᠠᠭᠠᠯᠠᠬᠤ ᠲᠦᠷᠢᠮ ᠢ ᠲᠡᠭᠦᠯᠳᠡᠷᠵᠢᠭᠦᠯᠦᠨ᠎ᠡ᠃ ᠶᠡᠷᠦᠩᠬᠡᠶ ᠬᠡᠮᠵᠢᠶ᠎ᠡ ᠶᠢ ᠨᠡᠮᠡᠭᠳᠡᠭᠦᠯᠬᠦ᠂ ᠦᠯᠡᠳᠡᠭᠳᠡᠯ ᠢ ᠰᠢᠯᠢᠳᠡᠭᠵᠢᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠠᠷᠴᠢᠮ ᠶᠤᠰᠤᠭᠠᠷ ᠴᠢᠨᠠᠷ ᠰᠠᠶᠢᠲᠠᠶ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ ᠬᠦᠳᠡᠭᠡ ᠠᠵᠤ ᠠᠬᠤᠢ ᠶᠢᠨ ᠨᠥᠬᠦᠪᠥᠷᠢ ᠤᠯᠭᠤᠬᠤ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠱᠠᠯᠠᠪᠳᠠᠨ ᠪᠠᠶᠢᠭᠤᠯᠤᠨ᠎ᠠ᠃ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠳᠦᠷᠢᠮ ᠳᠤ ᠨᠡᠶᠢᠴᠡᠬᠦ᠂ ᠲᠠᠷᠢᠶᠠᠴᠢᠳ ᠤᠨ ᠠᠰᠢᠭ ᠲᠤᠰᠠ ᠶᠢ ᠬᠠᠮᠠᠭᠠᠯᠠᠬᠤ᠂ ᠬᠥᠳᠡᠭᠡ ᠠᠵᠤ ᠠᠬᠤᠶ ᠶᠢᠨ ᠬᠦᠭᠵᠢᠯᠳᠡ ᠶᠢ ᠳᠡᠮᠵᠢᠬᠦ ᠵᠠᠷᠴᠢᠮ ᠶᠤᠰᠤᠭᠠᠷ ᠬᠦᠳᠡᠭᠡ ᠠᠵᠤ ᠠᠬᠤᠢ ᠶᠢ ᠳᠡᠳᠬᠦᠨ ᠬᠠᠮᠠᠭᠠᠯᠠᠬᠤ ᠲᠥᠷᠦ ᠶᠢᠨ ᠪᠣᠳᠤᠯᠭ᠎ᠠ ᠶᠢ ᠲᠡᠭᠦᠯᠳᠡᠷᠵᠢᠭᠦᠯᠬᠦ ᠰᠠᠨᠠᠯ ᠢ ᠱᠠᠯᠠᠪᠳᠠᠨ ᠰᠤᠳᠤᠯᠵᠤ ᠲᠣᠭᠲᠠᠭᠠᠨ᠎ᠠ᠃ ︽ᠰᠢᠷ᠎ᠠ ᠬᠠᠶᠢᠷᠴᠠᠭ︾ ᠤᠨ ᠲᠦᠷᠦ ᠶᠢᠨ ᠪᠤᠳᠤᠯᠭ᠎ᠠ ᠪᠠᠨ ᠲᠤᠬᠢᠷᠠᠭᠤᠯᠤᠨ ᠰᠢᠯᠢᠳᠡᠭᠵᠢᠭᠦᠯᠵᠤ᠂ ︽ᠨᠣᠭᠤᠭᠠᠨ ᠬᠠᠶᠢᠷᠴᠠᠭ︾ ᠤᠨ ᠲᠦᠷᠦ ᠶᠢᠨ ᠪᠤᠳᠤᠯᠭ᠎ᠠ ᠶᠢ ᠬᠡᠷᠡᠭᠯᠡᠬᠦ ᠬᠡᠪᠴᠢᠶ᠎ᠡ ᠶᠢ ᠥᠷᠭᠡᠳᠬᠡᠨ᠎ᠡ᠃ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠴᠢᠭᠯᠡᠯ ᠶᠣᠰᠣᠭᠠᠷ᠂ ᠲᠤᠲᠤᠷᠭ᠎ᠠ ᠪᠠ ᠪᠤᠭᠤᠳᠡᠢ ᠶᠢᠨ ᠨᠠᠭᠠᠳᠦ ᠵᠠᠬ᠎ᠠ ᠶᠢᠨ ᠬᠤᠳᠠᠯᠳᠤᠨ ᠠᠪᠬᠤ ᠦᠨ᠎ᠡ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠡ᠃ ᠡᠷᠳᠡᠨᠢ ᠰᠢᠰᠢ ᠪᠠ ᠰᠢᠷ᠎ᠠ ᠪᠤᠷᠴᠠᠭ ᠦᠢᠯᠡᠳᠪᠦᠷᠢᠯᠡᠭᠴᠢ ᠳᠤ ᠨᠥᠬᠦᠪᠥᠷᠢ ᠤᠯᠭᠤᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠠ᠃ ᠬᠦᠳᠡᠭᠡ ᠠᠵᠤ ᠠᠬᠤᠢ ᠶᠢᠨ ᠢᠲᠡᠭᠡᠮᠵᠢᠲᠦ ᠵᠢᠭᠡᠯᠡᠯᠭᠡ ᠶᠢᠨ ᠪᠠᠳᠤᠯᠠᠨ ᠳᠠᠭᠠᠭᠠᠬᠤ ᠰᠦᠢᠳᠭᠡᠯ ᠤᠨ ᠨᠣᠷᠮ᠎ᠠ ᠶᠢᠨ ᠨᠥᠬᠦᠪᠥᠷᠢ ᠪᠠ ᠱᠠᠩᠨᠠᠯ ᠢᠶᠠᠷ ᠨᠥᠬᠦᠪᠥᠷᠢ ᠶᠢ ᠣᠷᠣᠯᠠᠭᠤᠯᠬᠤ ᠲᠣᠭᠲᠠᠴᠠ ᠶᠢ ᠪᠦᠷᠢᠨᠰᠢᠬᠦᠯᠵᠥ᠂ ᠪᠠᠳᠤᠯᠠᠨ ᠳᠠᠭᠠᠭᠠᠬᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠢ ᠰᠢᠯᠭᠠᠨ ᠦᠨᠡᠯᠡᠬᠦ ᠪᠣᠳᠠᠲᠠᠶ ᠠᠷᠭ᠎ᠠ ᠬᠡᠮᠵᠢᠶ᠎ᠠ ᠶᠢ ᠰᠤᠳᠤᠯᠤᠨ ᠲᠣᠭᠲᠠᠭᠠᠵᠤ᠂ ᠪᠠᠳᠤᠯᠠᠨ ᠳᠠᠭᠠᠭᠠᠬᠤ ᠬᠡᠪᠴᠢᠶ᠎ᠡ ᠶᠢ ᠱᠠᠯᠠᠪᠳᠠᠨ ᠦᠷᠬᠡᠳᠬᠡᠨ᠎ᠠ᠃ ᠬᠡᠪᠴᠢᠶ᠎ᠡ ᠪᠠᠨ ᠦᠷᠬᠡᠳᠬᠡᠬᠦ᠂ ᠳᠦᠷᠦᠯ ᠵᠦᠢᠯ ᠢᠶᠠᠨ ᠨᠡᠮᠡᠭᠳᠡᠬᠦᠯᠬᠦ᠂ ᠪᠠᠷᠢᠮᠵᠢᠶ᠎ᠠ ᠪᠠᠨ ᠳᠡᠭᠡᠭᠰᠢᠯᠡᠭᠦᠯᠬᠦ ᠱᠠᠭᠠᠷᠳᠠᠯᠭ᠎ᠠ ᠶᠣᠰᠣᠭᠠᠷ᠂ ᠬᠦᠳᠡᠭᠡ ᠠᠵᠤ ᠠᠬᠤᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠤᠨ᠎ᠠ᠃ ᠲᠤᠲᠤᠷᠭ᠎ᠠ᠂ ᠪᠤᠭᠤᠲᠠᠢ᠂ ᠡᠷᠳᠡᠨᠢ ᠰᠢᠰᠢ ᠶᠢᠨ ᠪᠦᠬᠦ᠋ᠢᠯᠡ ᠥᠪᠡᠷ ᠤᠨ ᠦᠷᠳᠡᠭ ᠤᠨ ᠳᠠᠭᠠᠳᠬᠠᠯ ᠪᠠ ᠣᠷᠣᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠤᠨ᠎ᠠ᠃ ᠬᠦᠳᠡᠭᠡ ᠠᠵᠤ ᠠᠬᠤᠢ ᠶᠢᠨ ᠬᠦᠨᠳᠦ ᠶᠡᠭᠡ ᠭᠠᠮᠰᠢᠭ ᠤᠨ ᠳᠠᠭᠠᠳᠬᠠᠯ ᠤᠨ ᠲᠤᠷᠰᠢᠯᠲᠠ ᠶᠢᠨ ᠴᠡᠭ ᠪᠠ ︽ᠳᠠᠭᠠᠳᠬᠠᠯ + ᠬᠤᠭᠤᠴᠠᠭᠠᠲᠤ ᠪᠠᠷᠠᠭ᠎ᠠ︾ ᠶᠢᠨ ᠲᠤᠷᠰᠢᠯᠲᠠ ᠶᠢᠨ ᠴᠡᠭ ᠢ ᠦᠷᠬᠡᠳᠬᠡᠨ᠎ᠡ᠃ ᠣᠷᠣᠨ ᠨᠤᠲᠤᠭ ᠤᠨ ᠣᠨᠴᠠᠯᠢᠭᠲᠤ ᠳᠠᠪᠠᠭᠤᠯᠢᠭ ᠬᠦᠳᠡᠭᠡ ᠠᠵᠤ ᠠᠬᠤᠢ ᠶᠢᠨ ᠪᠦᠲᠦᠭᠡᠭᠳᠡᠬᠦᠨ ᠤ ᠳᠠᠭᠠᠳᠬᠠᠯ ᠳᠤ ᠱᠠᠩᠨᠠᠯ ᠢᠶᠠᠷ ᠨᠦᠬᠦᠪᠦᠷᠢ ᠶᠢ ᠤᠷᠤᠯᠠᠭᠤᠯᠬᠤ ᠲᠤᠷᠰᠢᠯᠲᠠ ᠶᠢᠨ ᠴᠡᠭ ᠤᠨ ᠠᠵᠢᠯ ᠢ ᠰᠦᠪᠡᠭᠴᠢᠯᠡᠨ ᠦᠷᠨᠢᠭᠦᠯᠦᠨ᠎ᠠ᠃ ᠮᠥᠩᠭᠦᠨ ᠭᠦᠢᠯᠭᠡᠭᠡᠨ ᠤ ︽ᠬᠦᠳᠡᠭᠡ ᠠᠵᠥ ᠠᠬᠤᠢ ᠬᠥᠳᠡᠭᠡ ᠲᠣᠰᠬᠤᠨ ᠲᠠᠷᠢᠶᠠᠴᠢᠨ︾ ᠳᠤ ᠦᠢᠯᠡᠴᠢᠯᠡᠬᠦ ᠭᠤᠭᠴᠤᠭ᠎ᠠ ᠪᠤᠯᠭᠠᠨ ᠢ ᠰᠢᠯᠤᠭᠤᠳᠬᠠᠵᠤ᠂ ᠬᠤᠰᠢᠭᠤ ᠰᠢᠶᠠᠨ ᠤ ᠬᠡᠪᠴᠢᠶᠡᠨ ᠤ ᠪᠠᠩᠬᠢ ᠶᠢᠨ ᠦᠶ᠋ᠯᠡᠰ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠶᠢᠨ ︽ᠬᠦᠳᠡᠭᠡ ᠠᠵᠥ ᠠᠬᠤᠢ ᠬᠥᠳᠡᠭᠡ ᠲᠣᠰᠬᠤᠨ ᠲᠠᠷᠢᠶᠠᠴᠢᠨ︾ ᠳᠤ ᠦᠢᠯᠡᠴᠢᠯᠡᠬᠦ ᠶᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠠᠶᠢᠭᠤᠯᠵᠤ᠂ ᠲᠦᠭᠡᠮᠡᠯ ᠬᠠᠷᠠᠭᠠᠯᠵᠠᠬᠤ ᠴᠢᠨᠠᠷᠲᠠᠶ ᠬᠦᠳᠡᠭᠡ ᠠᠵᠤ ᠠᠬᠤᠢ ᠳᠤ ᠬᠤᠯᠪᠣᠭᠳᠠᠬᠤ ᠵᠢᠭᠡᠯᠡᠯᠭᠡ ᠶᠢᠨ ᠡᠯ᠎ᠡ ᠲᠦᠷᠦᠯ ᠤᠨ ᠵᠢᠭᠡᠯᠡᠯᠭᠡ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠶᠡᠷᠦᠩᠬᠡᠶ ᠳᠡᠭᠡᠨ ᠥᠨᠳᠥᠷ ᠪᠠᠶᠢᠬᠤ ᠶᠢ ᠪᠡᠶᠡᠯᠡᠬᠦᠯᠦᠨ᠎ᠡ᠃ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠬᠥᠳᠡᠭᠡ ᠲᠣᠰᠬᠤᠨ ᠤ ᠬᠤᠷᠰᠢᠭᠰᠠᠨ ᠪᠠᠩᠬᠢ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠠᠯᠬᠤᠮ ᠠᠯᠬᠤᠮ ᠢᠶᠠᠷ ᠤᠬ ᠴᠢᠳᠠᠪᠬᠢ ᠳᠠᠭᠠᠨ ᠪᠤᠴᠠᠵᠤ᠂ ᠲᠤᠰ ᠭᠠᠵᠠᠷ ᠤᠨ ︽ᠬᠦᠳᠡᠭᠡ ᠠᠵᠥ ᠠᠬᠤᠢ ᠬᠥᠳᠡᠭᠡ ᠲᠣᠰᠬᠤᠨ ᠲᠠᠷᠢᠶᠠᠴᠢᠨ︾ ᠳᠤ ᠦᠢᠯᠡᠴᠢᠯᠡᠬᠦ ᠶᠢ ᠠᠬᠢᠭᠤᠯᠤᠨ᠎ᠠ᠃ ᠬᠤᠳᠠᠯᠳᠤᠭᠠᠨ ᠤ ᠪᠠᠩᠬᠢ ᠶᠢᠨ ︽ᠬᠦᠳᠡᠭᠡ ᠠᠵᠥ ᠠᠬᠤᠢ ᠬᠥᠳᠡᠭᠡ ᠲᠣᠰᠬᠤᠨ ᠲᠠᠷᠢᠶᠠᠴᠢᠨ︾ ᠤ ᠶᠠᠪᠤᠳᠠᠯ ᠤᠨ ᠭᠠᠵᠠᠷ ᠤᠨ ᠠᠵᠢᠯ ᠤᠨ ᠠᠮᠵᠢᠯᠲᠠ ᠶᠢ ᠰᠢᠯᠭᠠᠨ ᠦᠨᠡᠯᠡᠬᠦ ᠪᠠ ᠤᠷᠮᠠᠰᠢᠭᠤᠯᠤᠨ ᠵᠣᠷᠢᠭᠵᠢᠭᠤᠯᠬᠤ ᠪᠣᠳᠠᠲᠠᠶ ᠠᠷᠭ᠎ᠠ ᠬᠡᠮᠵᠢᠶ᠎ᠠ ᠶᠢ ᠰᠤᠳᠤᠯᠤᠨ ᠳᠤᠬᠳᠠᠭᠠᠨ᠎ᠠ᠃ ᠵᠥᠷᠢᠶᠡᠲᠦ ᠪᠡᠯᠡᠳᠬᠡᠯ ᠮᠥᠩᠭᠦ ᠶᠢᠨ ᠨᠣᠷᠮ᠎ᠠ ᠪᠠ ᠵᠦᠷᠢᠶᠡᠴᠢᠯᠡᠭᠰᠡᠨ ᠬᠢᠨᠠᠯᠳᠠ ᠬᠠᠮᠢᠶᠠᠷᠤᠯᠳᠠ ᠵᠡᠷᠭᠡ ᠲᠥᠷᠥ ᠶᠢᠨ ᠪᠣᠳᠣᠯᠭ᠎ᠠ ᠶᠢ ᠰᠠᠶᠢᠳᠤᠷ ᠠᠰᠢᠡᠡᠯᠠᠵᠤ᠂ ︽ᠬᠦᠳᠡᠭᠡ ᠠᠵᠥ ᠠᠬᠤᠢ ᠬᠦᠳᠡᠭᠡ ᠳᠤᠰᠬᠤᠨ ᠳᠠᠷᠢᠶᠠᠴᠢᠨ︾ ᠤ ᠢᠳᠡᠬᠡᠮᠵᠢᠳᠤ ᠵᠢᠬᠡᠯᠡᠯᠬᠡ ᠶᠢᠨ ᠪᠠᠳᠤᠯᠠᠨ ᠳᠠᠭᠠᠭᠠᠬᠤ ᠦᠶ᠋ᠯᠡᠴᠢᠯᠡᠭᠡᠨ ᠤ ᠨᠦᠬᠦᠴᠡᠯ ᠢ ᠦᠨᠡᠨ ᠬᠦ ᠪᠠᠭᠤᠷᠠᠭᠤᠯᠵᠤ᠂ ᠪᠠᠩᠬᠢ ᠶᠢᠨ ᠦᠢᠯᠡᠰ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠳᠤᠮᠳᠠ ᠤᠷᠲᠤ ᠬᠤᠭᠤᠴᠠᠭᠠᠨ ᠤ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢ ᠵᠤᠷᠢᠬᠵᠢᠭᠤᠯᠤᠨ᠎ᠠ᠃ ᠭᠤᠤᠯᠳᠠᠯᠭᠠᠳᠤ ᠬᠦᠷᠢᠶ᠎ᠡ ᠶᠢᠨ ᠣᠨᠴᠠᠯᠢᠭᠳᠤ ᠬᠦᠳᠡᠭᠡ ᠠᠵᠤ ᠠᠬᠤᠢ ᠶᠢᠨ ᠪᠦᠲᠦᠭᠡᠭᠳᠡᠬᠦᠨ ᠤ ᠬᠤᠭᠤᠴᠠᠭᠠᠲᠤ ᠪᠠᠷᠠᠭ᠎ᠠ ᠬᠤᠭᠤᠴᠠᠭᠠᠲᠤ ᠡᠷᠬᠡ ᠶᠢᠨ ᠲᠦᠷᠤᠯ ᠵᠦᠢᠯ ᠤᠨ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠨ᠎ᠡ᠃
    ᠵᠢᠷᠭᠤᠭ᠎ᠠ᠂ ᠬᠦᠳᠡᠭᠡ ᠲᠤᠰᠬᠤᠨ ᠤ ᠵᠠᠰᠠᠯᠳᠠ ᠶᠢᠨ ᠲᠤᠭᠳᠠᠴᠠ ᠶᠢ ᠳᠡᠬᠦᠯᠳᠡᠷᠵᠢᠬᠦᠯᠵᠦ᠂ ᠬᠦᠳᠡᠭᠡ ᠲᠤᠰᠬᠤᠨ ᠤ ᠨᠡᠶᠢᠭᠡᠮ ᠤᠨ ᠡᠶ᠎ᠡ ᠵᠤᠬᠢᠴᠠᠩᠭᠤᠢ ᠲᠤᠭᠳᠠᠭᠤᠨ ᠢ ᠪᠠᠳᠤᠯᠠᠨ᠎ᠠ
    ︵ᠨᠢᠭᠡ︶ ᠬᠦᠳᠡᠭᠡ ᠲᠤᠰᠬᠤᠨ ᠤ ᠵᠠᠰᠠᠯᠳᠠ ᠶᠢᠨ ᠴᠢᠳᠠᠪᠤᠷᠢ ᠶᠢ ᠴᠢᠩᠭᠠᠳᠬᠠᠨ᠎ᠠ᠃ ᠨᠠᠮ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠭᠰᠠᠨ ᠦᠪᠡᠷᠳᠡᠭᠡᠨ ᠵᠠᠰᠠᠬᠤ᠂ ᠬᠠᠤᠯᠢ ᠪᠠᠷ ᠵᠠᠰᠠᠬᠤ᠂ ᠶᠤᠰᠤ ᠰᠤᠷᠳᠠᠬᠤᠨ ᠢᠶᠠᠷ ᠵᠠᠰᠠᠬᠤ ᠶᠢ ᠤᠶᠠᠯᠳᠤᠭᠤᠯᠤᠭᠰᠠᠨ ᠤᠳᠤᠷᠢᠳᠬᠤ ᠪᠠᠶᠢᠭᠤᠯᠤᠮᠵᠢ ᠪᠠ ᠠᠵᠢᠯ ᠤᠨ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠤᠯᠠᠨ ᠲᠦᠮᠡᠨ ᠤ ᠵᠠᠰᠠᠯᠳᠠ ᠳᠤ ᠤᠷᠤᠯᠴᠠᠬᠤ ᠭᠤᠤᠯ ᠴᠤᠬᠴᠠ ᠶᠢᠨ ᠦᠢᠯᠡᠳᠦᠯ ᠢ ᠪᠠᠳᠠᠷᠠᠭᠤᠯᠤᠨ᠎ᠠ᠃ ᠬᠦᠳᠡᠭᠡ ᠲᠤᠰᠬᠤᠨ ᠤ ᠵᠠᠰᠠᠯᠳᠠ ᠶᠢᠨ ᠰᠢᠰᠲᠧᠮ ᠤᠨ ᠪᠠᠶᠢᠭᠤᠯᠤᠯᠳᠠ ᠶᠢᠨ ᠲᠤᠷᠰᠢᠯᠳᠠ ᠶᠢᠨ ᠴᠡᠭ ᠪᠠ ᠬᠦᠳᠡᠭᠡ ᠲᠤᠰᠬᠤᠨ ᠤ ᠵᠠᠰᠠᠯᠳᠠ ᠶᠢᠨ ᠵᠢᠱᠢᠶ᠎ᠠ ᠦᠵᠡᠬᠦᠯᠬᠦ ᠲᠤᠰᠬᠤᠨ ᠪᠠᠯᠭᠠᠰᠤ ᠶᠢ ᠴᠤᠬᠴᠠᠯᠠᠨ ᠪᠠᠶᠢᠭᠤᠯᠬᠤ ᠠᠵᠢᠯ ᠢ ᠦᠷᠨᠢᠬᠦᠯᠦᠨ᠎ᠠ᠃ ᠦᠪᠡᠷᠲᠡᠭᠡᠨ ᠵᠠᠰᠠᠬᠤ ᠵᠤᠬᠢᠶᠠᠨ ᠪᠠᠶᠢᠭᠤᠯᠤᠯᠳᠠ ᠶᠢᠨ ᠵᠢᠷᠤᠮᠵᠢᠬᠤ ᠲᠦᠷᠢᠮᠵᠢᠭᠦ ᠪᠠᠶᠢᠭᠤᠯᠤᠯᠳᠠ ᠶᠢ ᠴᠢᠩᠭᠠᠳᠬᠠᠵᠦ᠂ ᠲᠤᠰᠬᠤᠨ ᠤ ᠲᠡᠰ ᠤᠨ ᠤᠴᠢᠷ ᠶᠠᠪᠤᠳᠠᠯ ᠵᠦ᠋ᠪᠯᠡᠵᠦ ᠵᠦᠪᠳᠡᠯᠴᠡᠬᠦ ᠲᠦᠷᠢᠮ ᠢ ᠪᠦᠷᠢᠨᠰᠢᠬᠦᠯᠵᠦ᠂ ᠲᠤᠰᠬᠤᠨ ᠤ ᠲᠡᠰ ᠤᠨ ᠤᠴᠢᠷ ᠶᠠᠪᠤᠳᠠᠯ ᠢ ᠢᠯᠠ ᠪᠤᠯᠭᠠᠬᠤ ᠶᠢ ᠠᠬᠢᠭᠤᠯᠵᠦ᠂ ᠲᠤᠰᠬᠤᠨ ᠤ ᠲᠡᠰ ᠤᠨ ᠡᠷᠭᠡ ᠶᠢᠨ ᠪᠦᠳᠦᠮᠵᠢᠳᠠᠢ ᠬᠢᠨᠠᠯᠳᠠ ᠶᠢ ᠴᠢᠩᠭᠠᠳᠬᠠᠨ᠎ᠠ᠃ ᠬᠦᠳᠡᠭᠡ ᠲᠤᠰᠬᠤᠨ ᠢ ᠵᠢᠯᠤᠭᠤᠳᠴᠦ ᠪᠠᠶᠢᠭᠠᠳ ᠲᠤᠰᠬᠤᠨ ᠤ ᠲᠦᠷᠢᠮ ᠠᠷᠠᠳ ᠤᠨ ᠭᠡᠷ᠎ᠠ ᠶᠢ ᠨᠡᠶᠢᠳᠡᠮ ᠳᠤᠨᠢ ᠲᠤᠭᠳᠠᠭᠠᠬᠤ ᠪᠤᠶᠤ ᠵᠠᠰᠠᠪᠤᠷᠢ ᠤᠷᠤᠭᠤᠯᠤᠨ᠎ᠠ᠃ ᠬᠦᠳᠡᠭᠡ ᠲᠤᠰᠬᠤᠨ ᠤ ᠦᠨᠳᠦᠰᠦᠨ ᠱᠠᠳᠤᠨ ᠤ ᠬᠠᠤᠯᠢ ᠶᠤᠰᠤᠨ ᠤ ᠵᠠᠰᠠᠯᠳᠠ ᠶᠢ ᠠᠬᠢᠭᠤᠯᠵᠦ᠂ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠪᠦᠷᠢᠨᠰᠢᠬᠦᠯᠦᠨ᠎ᠠ᠃ ᠬᠦᠳᠡᠭᠡ ᠠᠵᠤ ᠠᠬᠤᠢ ᠶᠢᠨ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠦᠯᠳᠠ ᠶᠢ ᠴᠢᠩᠭᠠᠳᠬᠠᠨ᠎ᠠ᠃
    ︵ᠬᠤᠶᠠᠷ︶ ᠬᠦᠳᠡᠭᠡ ᠲᠤᠰᠬᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠨ᠎ᠠ᠃ ᠲᠠᠷᠢᠶᠠᠴᠢᠳ ᠢ ᠬᠦᠳᠦᠯᠦᠨ ᠵᠢᠯᠤᠭᠤᠳᠴᠤ ᠪᠠᠶᠢᠭᠠᠳ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠠ ᠶᠢ ᠦᠢᠯᠡᠳᠦᠯᠭᠡᠵᠢᠬᠦᠯᠵᠦ᠂ ᠨᠠᠮ ᠤᠨ ᠬᠦᠳᠡᠭᠡ ᠲᠤᠰᠬᠤᠨ ᠳᠠᠬᠢ ᠦᠵᠡᠯ ᠰᠠᠨᠠᠭᠠᠨ ᠤ ᠹᠷᠤᠨᠲ ᠢ ᠪᠠᠬᠢᠵᠢᠬᠦᠯᠦᠨ᠎ᠠ᠃ ᠤᠬᠠᠭᠤᠯᠭ᠎ᠠ ᠬᠦᠮᠦᠵᠢᠯ ᠢᠶᠠᠨ ᠴᠢᠩᠭᠠᠳᠬᠠᠵᠦ᠂ ᠲᠠᠷᠢᠶᠠᠴᠢᠨ ᠤᠯᠠᠨ ᠲᠦᠮᠡᠨ ᠤ ᠦᠵᠡᠯ ᠰᠠᠨᠠᠭᠠᠨ ᠤ ᠠᠵᠢᠯ ᠢ ᠰᠠᠶᠢᠳᠤᠷ ᠬᠢᠵᠦ᠂ ᠨᠠᠮ ᠤᠨ ᠱᠤᠭᠤᠮ ᠴᠢᠭᠯᠡᠯᠳᠠ ᠪᠠ ᠬᠦᠳᠡᠭᠡ ᠠᠵᠤ ᠠᠬᠤᠢ ᠶᠢ ᠬᠦᠴᠦᠷᠭᠡᠭᠵᠢᠬᠦᠯᠵᠦ ᠲᠠᠷᠢᠶᠠᠴᠢᠨ ᠳᠤ ᠬᠠᠷᠠᠭᠠᠯᠵᠠᠯ ᠦᠵᠡᠬᠦᠯᠵᠦ ᠲᠠᠷᠢᠶᠠᠴᠢᠨ ᠢ ᠪᠠᠶᠠᠵᠢᠭᠤᠯᠬᠤ ᠲᠦᠷᠦ ᠶᠢᠨ ᠪᠤᠳᠤᠯᠭ᠎ᠠ ᠶᠢ ᠤᠬᠠᠭᠤᠯᠵᠦ᠂ ᠲᠠᠷᠢᠶᠠᠴᠢᠳ ᠢ ᠬᠦᠳᠦᠯᠦᠨ ᠵᠢᠯᠤᠭᠤᠳᠴᠤ ᠪᠠᠶᠢᠭᠠᠳ ᠨᠠᠮ ᠢᠶᠠᠨ ᠬᠦᠷᠢᠶᠡᠯᠡᠵᠦ᠂ ᠨᠠᠮ ᠤᠨ ᠠᠴᠢ ᠳᠤ ᠳᠠᠯᠠᠷᠬᠠᠵᠦ᠂ ᠨᠠᠮ ᠢᠶᠠᠨ ᠳᠠᠭᠠᠵᠦ ᠶᠠᠪᠤᠬᠤ ᠪᠤᠯᠭᠠᠨ᠎ᠠ᠃ ᠰᠢᠨ᠎ᠠ ᠴᠠᠭ ᠦᠶ᠎ᠠ ᠶᠢᠨ ᠪᠤᠯᠪᠠᠰᠤᠨ ᠤ ᠦᠢᠯᠡᠳᠦᠯᠭᠡ ᠶᠢᠨ ᠲᠦᠪ ᠤᠨ ᠪᠦᠳᠦᠭᠡᠨ ᠪᠠᠶᠢᠭᠤᠯᠤᠯᠳᠠ ᠶᠢᠨ ᠲᠤᠷᠰᠢᠯᠳᠠ ᠶᠢᠨ ᠴᠡᠭ ᠤᠨ ᠠᠵᠢᠯ ᠢ ᠦᠷᠨᠢᠬᠦᠯᠵᠦ᠂ ᠰᠢᠶᠠᠨ ᠤ ᠱᠠᠳᠤᠨ ᠤ ᠬᠠᠮ ᠵᠠᠭᠤᠴᠢᠯᠠᠭᠤᠷ ᠤᠨ ᠲᠦᠪ ᠤᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠨ᠎ᠠ᠃ ᠤᠯᠠᠨ ᠲᠦᠮᠡᠨᠴᠢ ᠴᠢᠨᠠᠷᠳᠠᠢ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠵᠢᠯᠯᠠᠭ᠎ᠠ ᠶᠢ ᠬᠦᠨᠵᠡᠭᠡᠶᠢᠷᠡᠬᠦᠯᠦᠨ ᠦᠷᠭᠡᠵᠢᠬᠦᠯᠵᠦ᠂ ᠨᠢᠭᠡ ᠪᠦᠯᠦᠭ ᠬᠦᠳᠡᠭᠡ ᠲᠤᠰᠬᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠵᠢᠱᠢᠶ᠎ᠠ ᠦᠵᠡᠭᠦᠯᠬᠦ ᠰᠢᠶᠠᠨ᠂ ᠪᠤᠯᠪᠠᠰᠤᠨ ᠲᠤᠰᠬᠤᠨ ᠪᠠᠯᠭᠠᠰᠤ᠂ ᠬᠠᠮᠤᠭ ᠤᠨ ᠭᠤᠶᠤ ᠭᠡᠷ ᠪᠦᠯᠢ ᠶᠢ ᠴᠤᠯᠭᠤᠷᠠᠭᠤᠯᠵᠦ᠂ ᠶᠤᠰᠤ ᠰᠤᠷᠳᠠᠬᠤᠨ ᠤ ᠵᠢᠱᠢᠶᠠᠴᠢ ᠶᠢ ᠠᠭᠤᠳᠠᠯᠵᠤ ᠪᠤᠢ ᠪᠤᠯᠭᠠᠨ᠂ ᠵᠢᠱᠢᠶᠡᠴᠢ ᠶᠢᠨ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠰᠤᠶᠤᠯ ᠤᠨ ᠶᠤᠰᠤᠯᠠᠯ ᠤᠨ ᠲᠠᠩᠬᠢᠮ᠂ ᠰᠤᠶᠤᠯ ᠤᠨ ᠠᠭᠤᠳᠠᠮ ᠲᠠᠯᠠᠪᠠᠢ ᠵᠡᠷᠭᠡ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠳᠡᠮᠵᠢᠵᠦ᠂ ᠤᠨᠴᠠᠯᠢᠬᠳᠤ ᠰᠤᠶᠤᠯ ᠤᠨ ᠲᠤᠰᠬᠤᠨ ᠪᠠᠯᠭᠠᠰᠤ᠂ ᠲᠤᠰᠬᠤᠨ ᠠᠶᠢᠯ ᠢ ᠪᠤᠶᠢᠵᠢᠭᠤᠯᠤᠨ᠎ᠠ᠃ ᠬᠦᠳᠡᠭᠡ ᠲᠤᠰᠬᠤᠨ ᠤ ᠬᠠᠭᠤᠴᠢᠨ ᠵᠠᠩ ᠳᠠᠳᠬᠠᠯ ᠢ ᠦᠭᠡᠷᠡᠴᠢᠯᠡᠨ ᠬᠤᠪᠢᠷᠠᠭᠤᠯᠬᠤ ᠠᠵᠢᠯ ᠢ ᠦᠷᠬᠦᠯᠵᠢᠯᠡᠨ ᠠᠬᠢᠭᠤᠯᠵᠦ᠂ ᠬᠦᠳᠡᠭᠡ ᠲᠤᠰᠬᠤᠨ ᠤ ᠦᠨᠳᠦᠰᠦᠨ ᠱᠠᠳᠤᠨ ᠤ ᠤᠯᠠᠨ ᠲᠦᠮᠡᠨᠴᠢ ᠦᠪᠡᠷᠲᠡᠭᠡᠨ ᠵᠠᠰᠠᠬᠤ ᠵᠤᠬᠢᠶᠠᠨ ᠪᠠᠶᠢᠭᠤᠯᠤᠯᠳᠠ ᠶᠢ ᠬᠦᠳᠦᠯᠦᠨ ᠵᠢᠯᠤᠭᠤᠳᠴᠤ ᠵᠤᠷᠢᠬᠵᠢᠭᠤᠯᠵᠦ ᠪᠠᠶᠢᠭᠠᠳ ᠬᠢᠵᠠᠭᠠᠷᠯᠠᠬᠤ ᠴᠢᠨᠠᠷ ᠢᠶᠠᠷ ᠴᠢᠩᠭ᠎ᠠ ᠠᠷᠭ᠎ᠠ ᠭᠡᠮᠵᠢᠶ᠎ᠠ ᠠᠪᠴᠦ᠂ ᠬᠤᠷᠢᠮ ᠪᠡᠯᠪᠡᠰᠦᠷᠡᠯ ᠤᠨ ᠠᠵᠢᠯᠯᠠᠭ᠎ᠠ ᠳᠠᠬᠢ ᠪᠤᠯᠬᠢ ᠰᠤᠷᠳᠠᠯ᠂ ᠲᠩᠷᠢ ᠲᠤᠯᠤᠮ᠎ᠠ ᠦᠨ᠎ᠠ ᠲᠠᠢ ᠪᠤᠭᠳᠤᠯᠠᠬᠤ ᠪᠡᠯᠡᠭ᠂ ᠠᠴᠢᠯᠠᠯ ᠵᠢᠷᠤᠮ ᠮᠠᠭᠤᠳᠠᠬᠤ᠂ ᠦᠳᠡᠯᠦᠭᠡᠳ ᠠᠰᠠᠷᠠᠬᠤ ᠬᠦᠮᠦᠨ ᠦᠭᠡᠢ ᠵᠡᠷᠭᠡ ᠮᠠᠭᠤ ᠮᠠᠭᠤᠬᠠᠢ ᠨᠡᠶᠢᠭᠡᠮ ᠤᠨ ᠬᠡᠪ ᠰᠤᠷᠳᠠᠯ ᠳᠤ ᠵᠠᠰᠠᠯᠳᠠ ᠬᠢᠨ᠎ᠠ᠃
    ︵ᠭᠤᠷᠪᠠ︶ ᠠᠮᠤᠷ ᠠᠮᠤᠭᠤᠯᠠᠩ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠤᠨ᠎ᠠ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠨᠵᠡᠭᠡᠢ ᠠᠬᠢᠭᠤᠯᠵᠦ᠂ ᠬᠦᠳᠡᠭᠡ ᠲᠤᠰᠬᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠳᠤ ᠬᠦᠴᠦᠳᠠᠢ ᠴᠤᠬᠢᠯᠳᠠ ᠦᠭᠴᠦ᠂ ︽ᠲᠤᠰᠬᠤᠨ ᠤ ᠡᠵᠡᠷᠭᠡᠭᠴᠢ︾ ᠵᠡᠷᠭᠡ ᠬᠠᠷ᠎ᠠ ᠪᠦᠯᠦᠭᠳᠡᠨ ᠬᠠᠷᠬᠢᠰ ᠬᠦᠴᠦᠨ ᠤ ᠦᠨᠳᠦᠰᠦᠨ ᠱᠠᠳᠤᠨ ᠤ ᠵᠠᠰᠠᠭ ᠤᠨ ᠡᠷᠬᠡ ᠶᠢ ᠢᠳᠡᠭᠳᠡᠬᠦᠯᠬᠦ ᠶᠢ ᠬᠤᠷᠢᠬᠯᠠᠬᠤ ᠭᠡᠷᠡᠭᠲᠡᠢ᠃ ᠲᠠᠶᠢᠰᠤᠩᠨᠠᠬᠴᠢ ᠬᠦᠴᠦᠨ᠂ ᠭᠠᠵᠢᠭᠤ ᠱᠠᠰᠢᠨ ᠤ ᠵᠤᠬᠢᠶᠠᠨ ᠪᠠᠶᠢᠭᠤᠯᠤᠯᠳᠠ᠂ ᠬᠠᠤᠯᠢ ᠪᠤᠰᠤ ᠱᠠᠰᠢᠨ ᠰᠤᠷᠳᠠᠬᠤᠨ ᠤ ᠠᠵᠢᠯᠯᠠᠭ᠎ᠠ ᠶᠢᠨ ᠬᠦᠳᠡᠭᠡ ᠲᠤᠰᠬᠤᠨ ᠤ ᠭᠠᠵᠠᠷ ᠤᠷᠤᠨ ᠲᠡᠶᠢᠰᠢ ᠨᠡᠪᠴᠢᠬᠦ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠠ᠃ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠠᠵᠢᠯ ᠢ ᠦᠨᠳᠦᠰᠦᠨ ᠱᠠᠳᠤ ᠵᠦᠭ ᠭᠦᠨᠵᠡᠭᠡᠶᠢᠷᠡᠭᠦᠯᠬᠦ ᠶᠢ ᠠᠬᠢᠭᠤᠯᠵᠦ᠂ ᠲᠠᠷᠢᠶᠠᠴᠢᠨ ᠤ ᠳᠡᠷᠭᠡᠳᠡᠬᠢ ᠲᠦᠪ ᠪᠤᠰᠤ ᠰᠤᠷᠳᠠᠯ ᠪᠠ ᠢᠯᠵᠠᠷᠠᠯ ᠤᠨ ᠠᠰᠠᠭᠤᠳᠠᠯ ᠢ ᠡᠷᠡᠰ ᠪᠠᠶᠢᠴᠠᠭᠠᠨ ᠰᠢᠢᠳᠪᠤᠷᠢᠯᠡᠨ᠎ᠠ᠃ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠭᠡᠶᠢᠯᠡᠭᠰᠡᠨ ᠵᠠᠰᠠᠯᠳᠠ ᠶᠢᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠨ᠎ᠠ᠃ ᠲᠤᠤᠷᠵᠢᠬᠰᠠᠨ ᠦᠢᠯᠡᠴᠢᠯᠡᠭᠡᠨ ᠤ ᠬᠠᠮᠢᠶᠠᠷᠤᠯᠳᠠ ᠶᠢ ᠬᠦᠨᠵᠡᠭᠡᠶᠢᠷᠡᠬᠦᠯᠦᠨ ᠦᠷᠭᠡᠳᠭᠡᠵᠦ᠂ ᠦᠨᠳᠦᠰᠦᠨ ᠱᠠᠳᠤᠨ ᠤ ᠨᠢᠭᠡᠳᠦᠭᠡᠷ ᠹᠷᠤᠨᠲ ᠤᠨ ᠠᠮᠤᠷ ᠠᠮᠤᠭᠤᠯᠠᠩ ᠤᠨ ᠪᠠᠶᠢᠭᠤᠯᠤᠯᠳᠠ ᠶᠢᠨ ᠬᠦᠴᠦᠨ ᠢ ᠨᠡᠶᠢᠳᠭᠡᠨ ᠰᠢᠯᠢᠳᠡᠭ ᠢ ᠨᠢ ᠲᠤᠬᠢᠷᠠᠭᠤᠯᠵᠦ᠂ ᠨᠡᠩ ᠤᠯᠠᠨ ᠡᠬᠢ ᠪᠠᠶᠠᠯᠢᠭ᠂ ᠦᠢᠯᠡᠴᠢᠯᠡᠭᠡ᠂ ᠬᠠᠮᠢᠶᠠᠷᠤᠯᠳᠠ ᠶᠢ ᠬᠦᠳᠡᠭᠡ ᠲᠤᠰᠬᠤᠨ ᠨᠡᠶᠢᠭᠡᠮ ᠲᠤᠭᠤᠷᠢᠭ ᠲᠤ ᠲᠠᠯᠪᠢᠨ᠎ᠠ᠃ ᠬᠦᠳᠡᠭᠡ ᠲᠤᠰᠬᠤᠨ ᠤ ᠵᠠᠮ ᠬᠠᠷᠢᠯᠴᠠᠭ᠎ᠠ᠂ ᠭᠠᠯ ᠤᠨ ᠠᠶᠤᠯ ᠢ ᠰᠡᠷᠭᠡᠶᠢᠯᠡᠵᠦ ᠭᠠᠯ ᠤᠨᠳᠠᠷᠠᠭᠠᠬᠤ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ᠂ ᠭᠧᠤᠯᠤᠬᠢ ᠶᠢᠨ ᠭᠠᠮᠰᠢᠬ ᠵᠡᠷᠭᠡ ᠤᠯᠠᠨ ᠨᠡᠶᠢᠳᠡ ᠶᠢᠨ ᠠᠮᠤᠷ ᠲᠦᠪᠰᠢᠨ ᠤ ᠭᠡᠷᠡᠭ ᠬᠢᠯᠪᠡᠷ ᠡᠬᠦᠰᠳᠡᠭ ᠬᠦᠷᠢᠶᠡᠨ ᠤ ᠭᠡᠮ ᠰᠤᠭᠤᠭ ᠢ ᠰᠢᠭᠰᠢᠨ ᠪᠠᠶᠢᠴᠠᠭᠠᠬᠤ ᠪᠠ ᠲᠤᠰᠬᠠᠢ ᠵᠠᠰᠠᠯᠳᠠ ᠶᠢ ᠴᠢᠩᠭᠠᠳᠬᠠᠨ᠎ᠠ᠃ ᠮᠡᠳᠡᠭᠡ ᠵᠠᠩᠬᠢᠴᠢᠯᠠᠭᠰᠠᠨ᠂ ᠤᠶᠤᠨᠴᠢᠯᠠᠭᠰᠠᠨ ᠬᠦᠳᠡᠭᠡ ᠲᠤᠰᠬᠤᠨ ᠤ ᠨᠡᠶᠢᠭᠡᠮ ᠤᠨ ᠠᠮᠤᠷ ᠢ ᠬᠠᠮᠠᠭᠠᠯᠠᠵᠤ ᠰᠡᠷᠭᠡᠶᠢᠯᠡᠨ ᠡᠵᠡᠮᠳᠡᠬᠦ ᠰᠢᠰᠲᠧᠮ ᠢ ᠱᠠᠯᠠᠪᠳᠠᠨ ᠪᠠᠶᠢᠭᠤᠯᠵᠦ᠂ ᠬᠦᠳᠡᠭᠡ ᠲᠤᠰᠬᠤᠨ ᠤ ︽ᠬᠤᠷᠴᠠ ᠲᠤᠳᠤ ᠢᠨᠵᠧᠨᠧᠷᠢᠩ︾ ᠤᠨ ᠪᠦᠳᠦᠭᠡᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠤᠨ᠎ᠠ᠃ ᠰᠢᠨ᠎ᠠ ᠴᠠᠭ ᠦᠶ᠎ᠠ ᠶᠢᠨ ︽ᠹᠧᠩ ᠴᠢᠶᠤᠤ ᠶᠢᠨ ᠲᠤᠷᠰᠢᠯᠭ᠎ᠠ︾ ᠶᠢ ᠬᠦᠭᠵᠢᠬᠦᠯᠬᠦ ᠶᠢ ᠪᠠᠷᠢᠮᠳᠠᠯᠠᠵᠦ᠂ ᠬᠦᠳᠡᠭᠡ ᠲᠤᠰᠬᠤᠨ ᠤ ᠵᠦᠷᠢᠴᠡᠯ ᠵᠢᠭᠤᠷᠠᠯᠳᠤᠭᠠᠨ ᠢ ᠪᠠᠶᠢᠴᠠᠭᠠᠨ ᠡᠶᠡᠳᠡᠬᠦᠯᠵᠦ ᠰᠢᠢᠳᠪᠤᠷᠢᠯᠡᠨ ᠨᠠᠮᠳᠠᠭᠠᠬᠤ ᠲᠤᠭᠳᠠᠴᠠ ᠶᠢ ᠪᠦᠷᠢᠨᠰᠢᠬᠦᠯᠵᠦ᠂ ᠤᠯᠠᠨ ᠲᠦᠮᠡᠨ ᠳᠤ ᠦᠢᠯᠡᠴᠢᠯᠡᠬᠦ᠂ ᠲᠤᠭᠳᠠᠭᠤᠨ ᠢ ᠬᠠᠮᠠᠭᠠᠯᠠᠬᠤ ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠬᠦᠯᠦᠨ᠎ᠠ᠃
    ᠲᠤᠯᠤᠭ᠎ᠠ᠂ ᠬᠦᠳᠡᠭᠡ ᠲᠤᠰᠬᠤᠨ ᠤ ᠨᠠᠮ ᠤᠨ ᠡᠬᠦᠷ ᠤᠨ ᠲᠠᠶᠢᠴᠢᠨ ᠪᠠᠬᠢᠯᠡᠯᠳᠠ ᠶᠢᠨ ᠦᠢᠯᠡᠳᠦᠯ ᠢ ᠪᠠᠳᠠᠷᠠᠭᠤᠯᠵᠦ᠂ ᠬᠦᠳᠡᠭᠡ ᠲᠤᠰᠬᠤᠨ ᠤ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠶᠢ ᠪᠦᠬᠦ ᠲᠠᠯ᠎ᠠ ᠪᠠᠷ ᠴᠢᠩᠭᠠᠳᠬᠠᠨ᠎ᠠ
    ︵ᠨᠢᠭᠡ︶ ᠬᠦᠳᠡᠭᠡ ᠲᠤᠰᠬᠤᠨ ᠤ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠦᠢᠯᠡᠳᠦᠯ ᠢ ᠴᠢᠩᠭᠠᠳᠬᠠᠨ᠎ᠠ᠃ ᠬᠦᠳᠡᠭᠡ ᠲᠤᠰᠬᠤᠨ ᠤ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠪᠤᠳᠠᠳᠠᠢ ᠠᠳᠬᠤᠨ ᠬᠦᠴᠦᠷᠭᠡᠭᠵᠢᠬᠦᠯᠵᠦ᠂ ᠵᠤᠬᠢᠶᠠᠨ ᠪᠠᠶᠢᠭᠤᠯᠬᠤ ᠬᠦᠴᠦᠨ ᠢ ᠳᠡᠭᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠨ᠂ ᠤᠯᠤᠰ ᠲᠦᠷᠦ ᠶᠢᠨ ᠴᠢᠳᠠᠮᠵᠢ ᠶᠢ ᠲᠤᠪᠤᠶᠢᠯᠭᠠᠵᠦ᠂ ᠬᠦᠳᠡᠭᠡ ᠲᠤᠰᠬᠤᠨ ᠤ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠰᠢᠰᠲᠧᠮ ᠤᠨ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠨ᠎ᠠ᠃ ᠲᠡᠷᠢᠬᠦᠨ ᠤ ᠨᠠᠮ ᠤᠨ ᠡᠬᠦᠷ ᠢ ᠨᠡᠮᠡᠭᠳᠡᠬᠦᠯᠵᠦ᠂ ᠳᠤᠮᠳᠠ ᠵᠡᠷᠭᠡ ᠶᠢᠨ ᠨᠠᠮ ᠤᠨ ᠡᠬᠦᠷ ᠢ ᠳᠡᠭᠡᠭᠰᠢᠯᠡᠬᠦᠯᠵᠦ᠂ ᠬᠤᠴᠤᠷᠤᠩᠭᠤᠢ ᠨᠠᠮ ᠤᠨ ᠡᠬᠦᠷ ᠢ ᠴᠡᠭᠴᠡᠯᠡᠵᠦ᠂ ᠰᠢᠶᠠᠨ ᠢᠶᠠᠷ ᠨᠢᠭᠡᠴᠢ ᠪᠤᠯᠭᠠᠵᠦ ᠳᠤᠷᠤᠢ ᠪᠠᠭᠤᠷᠠᠢ ᠰᠤᠯᠠ ᠵᠠᠳᠠᠭᠠᠢ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠳᠤ ︽ᠨᠢᠭᠡ ᠲᠤᠰᠬᠤᠨ ᠳᠤ ᠨᠢᠭᠡ ᠠᠷᠭ᠎ᠠ ᠪᠤᠳᠤᠯᠭ᠎ᠠ ᠭᠡᠷᠡᠭᠵᠢᠬᠦᠯᠬᠦ︾ ᠪᠠᠷ ᠳᠠᠮᠵᠢᠨ ᠲᠤᠰ ᠲᠤᠰ ᠲᠤᠨᠢ ᠴᠡᠭᠴᠡᠯᠡᠨ ᠵᠠᠰᠠᠨ᠎ᠠ᠃ ︽ᠲᠤᠰᠬᠤᠨ ᠤ ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠠᠵᠢᠯ ᠳᠤ ᠨᠢᠭᠡ ᠤᠳᠠᠭᠠᠨ ᠤ ︽ᠡᠷᠬᠢᠨ ᠬᠠᠷᠠᠬᠤ︾ ᠠᠵᠢᠯᠯᠠᠭ᠎ᠠ ᠦᠷᠨᠢᠭᠦᠯᠵᠦ᠂ ᠡᠷᠡᠬᠦᠦ ᠶᠢᠨ ᠭᠡᠷᠡᠭ ᠤᠨ ᠰᠢᠢᠳᠭᠡᠯ ᠤᠯᠤᠬᠰᠠᠨ᠂ ︽ᠲᠤᠰᠬᠤᠨ ᠤ ᠡᠵᠡᠷᠭᠡᠭᠴᠢ︾ ᠪᠠ ᠬᠠᠷ᠎ᠠ ᠪᠦᠯᠦᠭᠳᠡᠨ ᠬᠠᠷᠬᠢᠰ ᠬᠦᠴᠦᠨ ᠳᠤ ᠬᠤᠯᠪᠤᠭᠳᠠᠭᠰᠠᠨ ᠠᠰᠠᠭᠤᠳᠠᠯ ᠲᠠᠢ ᠲᠤᠰᠬᠤᠨ ᠤ ︽ᠬᠤᠶᠠᠷ ᠵᠦᠪᠯᠡᠯ︾ ᠤᠨ ᠪᠠᠭ ᠤᠨ ᠪᠦᠷᠢᠯᠳᠦᠭᠦᠨ ᠢ ᠠᠷᠢᠯᠭᠠᠨ ᠴᠡᠪᠡᠷᠯᠡᠨ᠎ᠠ᠃ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠳᠠᠭᠠᠭᠤᠯᠤᠭᠴᠢ ᠶᠢ ᠶᠡᠷᠦᠩᠬᠡᠢ ᠳᠤᠨᠢ ᠰᠢᠯᠢᠳᠡᠭᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠦᠷᠨᠢᠭᠦᠯᠵᠤ᠂ ᠤᠳᠤᠷᠢᠳᠬᠤ ᠪᠠᠭ ᠢ ᠪᠦᠷᠢᠨ ᠳᠤᠬᠢᠷᠠᠭᠤᠯᠵᠤ ᠴᠢᠩᠭ᠎ᠠ ᠭᠠᠷ ᠢ ᠳᠤᠬᠢᠷᠠᠭᠤᠯᠤᠨ᠎ᠠ᠃ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠶᠢ ᠰᠢᠶᠠᠨ ᠤ ᠱᠠᠳᠤᠨ ᠤ ᠨᠠᠮ ᠤᠨ ᠬᠤᠷᠢᠶᠠᠨ ᠳᠤ ᠳᠠᠩᠰᠠᠯᠠᠨ ᠬᠠᠮᠢᠶᠠᠷᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠨᠢᠭᠡᠳᠦᠭᠡᠷ ᠱᠦᠵᠢ ᠶᠢ ᠲᠤᠮᠢᠯᠠᠨ ᠰᠠᠭᠤᠯᠭᠠᠬᠤ ᠤᠷᠳᠤ ᠬᠤᠭᠤᠴᠠᠭᠠᠨ ᠤ ᠪᠦᠲᠦᠮᠵᠢᠳᠠᠢ ᠠᠵᠢᠯ ᠤᠨ ᠲᠤᠭᠳᠠᠴᠠ ᠶᠢ ᠪᠠᠶᠢᠭᠤᠯᠵᠤ᠂ ᠶᠠᠳᠠᠭᠤ ᠬᠦᠴᠢᠷᠳᠡᠯᠳᠠᠢ ᠲᠤᠰᠬᠤᠨ᠂ ᠳᠤᠷᠤᠢ ᠪᠠᠭᠤᠷᠠᠢ ᠰᠤᠯᠠ ᠵᠠᠳᠠᠭᠠᠢ ᠲᠤᠰᠬᠤᠨ ᠪᠤᠯᠤᠨ ᠬᠠᠮᠳᠦ ᠶᠢᠨ ᠠᠵᠤ ᠠᠬᠤᠢ ᠬᠦᠨᠳᠡᠢ ᠬᠤᠭᠤᠰᠤᠨ ᠲᠤᠰᠬᠤᠨ ᠳᠤ ᠨᠢᠭᠡᠳᠦᠭᠡᠷ ᠱᠦᠵᠢ ᠶᠢ ᠪᠦᠬᠦ ᠲᠠᠯ᠎ᠠ ᠪᠠᠷ ᠲᠤᠮᠢᠯᠠᠬᠤ ᠪᠦᠭᠡᠳ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠡᠭᠦᠷᠭᠡ ᠬᠦᠨᠳᠦ ᠪᠠᠶᠢᠭ᠎ᠠ ᠲᠤᠰᠬᠤᠨ ᠲᠡᠶᠢᠰᠢ ᠦᠷᠭᠡᠳᠭᠡᠨ᠎ᠠ᠃ ᠶᠡᠭᠡ ᠳᠡᠭᠡᠳᠤ ᠰᠤᠷᠭᠠᠭᠤᠯᠢ ᠠᠴᠠ ᠲᠡᠭᠦᠰᠦᠭᠰᠡᠨ ᠤᠶᠤᠳᠠᠨ᠂ ᠬᠦᠯᠦᠰᠦᠨ ᠲᠠᠷᠢᠶᠠᠴᠢᠨ᠂ ᠴᠡᠷᠢᠭ ᠠᠴᠠ ᠬᠠᠯᠠᠭᠳᠠᠭᠰᠠᠳ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠰᠢᠯᠢᠳᠡᠭ ᠨᠠᠮ ᠤᠨ ᠭᠡᠰᠢᠭᠦᠨ ᠤ ᠳᠤᠮᠳᠠ ᠠᠴᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠶᠢ ᠬᠦᠮᠦᠵᠢᠭᠦᠯᠵᠦ ᠰᠤᠩᠭᠤᠨ ᠳᠡᠪᠰᠢᠭᠦᠯᠬᠦ ᠡᠷᠴᠢᠮ ᠢ ᠴᠢᠩᠭᠠᠷᠠᠭᠤᠯᠤᠨ᠎ᠠ᠃ ᠲᠤᠰᠬᠤᠨ ᠤ ᠰᠢᠯᠢᠳᠡᠭ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠠᠴᠠ ᠰᠢᠶᠠᠩ ᠪᠠᠯᠭᠠᠰᠤᠨ ᠤ ᠤᠳᠤᠷᠢᠳᠬᠤ ᠺᠠᠳ᠋ᠷ ᠢ ᠰᠤᠩᠭᠤᠨ ᠳᠡᠪᠰᠢᠭᠦᠯᠬᠦ᠂ ᠰᠢᠶᠠᠩ ᠪᠠᠯᠭᠠᠰᠤᠨ ᠤ ᠠᠯᠪᠠᠳᠠᠨ ᠰᠢᠯᠭᠠᠨ ᠡᠯᠰᠡᠬᠦ᠂ ᠰᠢᠶᠠᠩ ᠪᠠᠯᠭᠠᠰᠤᠨ ᠤ ᠠᠵᠢᠯ ᠦᠢᠯᠡᠰ ᠤᠨ ᠨᠢᠭᠡᠴᠢ ᠶᠢᠨ ᠤᠷᠤᠨ ᠲᠤᠭᠠᠨ ᠤ ᠠᠵᠢᠯᠳᠠᠨ ᠡᠯᠰᠡᠬᠦ ᠪᠠᠶᠢᠩᠭᠤᠵᠢᠭᠰᠠᠨ ᠲᠤᠭᠳᠠᠴᠠ ᠶᠢ ᠪᠦᠷᠢᠨᠰᠢᠭᠦᠯᠦᠨ᠎ᠠ᠃ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ 5 ᠵᠢᠯ ᠤᠨ ᠲᠤᠰᠢᠶᠠᠯ ᠤᠨ ᠬᠤᠭᠤᠴᠠᠭᠠᠨ ᠤ ᠲᠤᠭᠳᠠᠭᠠᠯ ᠢ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠲᠤᠰᠬᠤᠨ ᠤ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠠᠵᠢᠯ ᠪᠤᠯᠤᠨ ᠰᠢᠶᠠᠨ ᠰᠢᠶᠠᠩ ᠤᠨ ᠬᠤᠭᠤᠴᠠᠭ᠎ᠠ ᠰᠤᠯᠢᠬᠤ ᠠᠵᠢᠯ ᠢ ᠵᠡᠷᠭᠡ ᠪᠠᠷ ᠶᠠᠪᠤᠭᠳᠠᠭᠤᠯᠬᠤ ᠶᠢ ᠠᠬᠢᠭᠤᠯᠤᠨ᠎ᠠ᠃ ᠬᠦᠳᠡᠭᠡ ᠲᠤᠰᠬᠤᠨ ᠤ ᠨᠠᠮ ᠤᠨ ᠭᠡᠰᠢᠭᠦᠨ ᠤ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠵᠤ᠂ ᠵᠠᠯᠠᠭᠤ ᠲᠠᠷᠢᠶᠠᠴᠢᠨ᠂ ᠬᠦᠳᠡᠭᠡ ᠲᠤᠰᠬᠤᠨ ᠤ ᠭᠠᠳᠠᠭᠰᠢ ᠭᠠᠷᠴᠤ ᠬᠦᠯᠦᠰᠦᠨ ᠠᠵᠢᠯ ᠬᠢᠭᠰᠡᠳ ᠤᠨ ᠳᠤᠮᠳᠠ ᠨᠠᠮ ᠤᠨ ᠭᠡᠰᠢᠭᠦᠨ ᠬᠦᠮᠦᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠰᠢᠶᠠᠨ ᠤ ᠱᠠᠳᠤᠨ ᠤ ᠨᠠᠮ ᠤᠨ ᠬᠤᠷᠢᠶ᠎ᠠ ᠠᠴᠠ ᠰᠢᠶᠠᠩ ᠲᠤᠰᠬᠤᠨ ᠢ ᠠᠳᠬᠤᠵᠤ ᠬᠠᠮᠢᠶᠠᠷᠬᠤ ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠵᠤ᠂ ᠰᠢᠶᠠᠨ ᠰᠢᠶᠠᠩ ᠤᠨ ᠨᠠᠮ ᠤᠨ ᠬᠤᠷᠢᠶ᠎ᠠ ᠠᠴᠠ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠳᠠᠬᠢ ᠳᠤᠪᠤᠶᠢᠮ᠎ᠠ ᠠᠰᠠᠭᠤᠳᠠᠯ ᠢ ᠲᠤᠭᠳᠠᠭᠰᠠᠨ ᠬᠤᠭᠤᠴᠠᠭ᠎ᠠ ᠪᠠᠷ ᠪᠠᠶᠢᠴᠠᠭᠠᠯᠳᠠ ᠬᠢᠬᠦ ᠪᠦᠭᠡᠳ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠳᠠᠢ᠃ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠲᠤᠰᠬᠤᠨ ᠤ ᠱᠠᠳᠤᠨ ᠤ ᠡᠯ᠎ᠠ ᠲᠦᠷᠦᠯ ᠤᠨ ᠵᠤᠬᠢᠶᠠᠨ ᠪᠠᠶᠢᠭᠤᠯᠤᠯᠳᠠ ᠳᠠᠬᠢ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠨᠠᠮ ᠤᠨ ᠵᠤᠬᠢᠶᠠᠨ ᠪᠠᠶᠢᠭᠤᠯᠤᠯᠳᠠ ᠠᠴᠠ ᠤᠳᠤᠷᠢᠳᠤᠭᠰᠠᠨ ᠲᠤᠰᠬᠤᠨ ᠤ ᠱᠠᠳᠤᠨ ᠤ ᠵᠤᠬᠢᠶᠠᠨ ᠪᠠᠶᠢᠭᠤᠯᠤᠯᠳᠠ ᠶᠢᠨ ᠰᠢᠰᠲ᠋ᠧᠮ ᠢ ᠪᠦᠷᠢᠨᠰᠢᠭᠦᠯᠦᠨ᠎ᠠ᠃ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠬᠠᠤᠯᠢ ᠳᠤ ᠲᠤᠭᠳᠠᠭᠠᠭᠰᠠᠨ ᠵᠢᠷᠦᠮ ᠶᠤᠰᠤᠭᠠᠷ ᠲᠤᠰᠬᠤᠨ ᠤ ᠠᠷᠠᠳ ᠤᠨ ᠵᠦᠪᠯᠡᠯ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠤᠰᠬᠤᠨ ᠤ ︽ᠬᠤᠶᠠᠷ ᠵᠦᠪᠯᠡᠯ︾ ᠤᠨ ᠤᠳᠤᠷᠢᠳᠬᠤ ᠪᠠᠭ ᠤᠨ ᠪᠦᠷᠢᠯᠳᠦᠭᠦᠨ ᠰᠤᠯᠪᠢᠴᠠᠨ ᠲᠤᠰᠢᠶᠠᠯ ᠡᠭᠦᠷᠭᠡᠯᠡᠬᠦ ᠶᠢ ᠬᠡᠷᠡᠭᠵᠢᠭᠦᠯᠵᠤ᠂ ᠲᠤᠰᠬᠤᠨ ᠤ ᠠᠷᠠᠳ ᠤᠨ ᠵᠦᠪᠯᠡᠯ ᠤᠨ ᠪᠦᠷᠢᠯᠳᠦᠭᠦᠨ ᠪᠤᠯᠤᠨ ᠲᠤᠰᠬᠤᠨ ᠤ ᠠᠷᠠᠳ ᠤᠨ ᠲᠦᠯᠦᠭᠡᠯᠡᠭᠴᠢ ᠳᠠᠬᠢ ᠨᠠᠮ ᠤᠨ ᠭᠡᠰᠢᠭᠦᠨ ᠤ ᠬᠠᠷᠢᠴᠠᠯ ᠢ ᠨᠡᠮᠡᠭᠳᠡᠭᠦᠯᠦᠨ᠎ᠠ᠃ ᠨᠠᠮ ᠤᠨ ᠡᠭᠦᠷ ᠤᠨ ᠲᠤᠰᠬᠤᠨ ᠤ ᠱᠠᠳᠤᠨ ᠤ ᠬᠠᠮᠳᠦ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠳᠠᠬᠢ ᠤᠳᠤᠷᠢᠳᠤᠯᠭ᠎ᠠ ᠶᠢ ᠴᠢᠩᠭᠠᠳᠬᠠᠨ᠎ᠠ᠃ ︽ᠳᠦᠷᠪᠡᠨ ᠵᠦᠪᠳᠡᠯᠴᠡᠭᠡ ᠬᠤᠶᠠᠷ ᠢ ᠢᠯᠡ ᠪᠤᠯᠭᠠᠬᠤ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠰᠬᠤᠨ ᠤ ᠱᠠᠳᠤᠨ ᠤ ᠴᠢᠬᠤᠯᠠ ᠬᠡᠷᠡᠭ ᠶᠠᠪᠤᠳᠠᠯ᠂ ᠴᠢᠬᠤᠯᠠ ᠶᠡᠭᠡ ᠠᠰᠠᠭᠤᠳᠠᠯ ᠢ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠠᠴᠠ ᠰᠤᠳᠤᠯᠤᠨ ᠶᠠᠷᠢᠯᠴᠠᠬᠤ ᠲᠤᠭᠳᠠᠴᠠ ᠶᠢ ᠪᠦᠷᠢᠨᠰᠢᠭᠦᠯᠦᠨ᠎ᠠ᠃
    ︵ᠬᠤᠶᠠᠷ︶ ᠲᠤᠰᠬᠤᠨ ᠤ ᠱᠠᠳᠤᠨ ᠤ ᠡᠯ᠎ᠠ ᠲᠦᠷᠦᠯ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠪᠠᠳᠠᠷᠠᠭᠤᠯᠤᠨ᠎ᠠ᠃ ᠲᠤᠰᠬᠤᠨ ᠤ ᠱᠠᠳᠤᠨ ᠤ ᠡᠯ᠎ᠠ ᠲᠦᠷᠦᠯ ᠤᠨ ᠵᠤᠬᠢᠶᠠᠨ ᠪᠠᠶᠢᠭᠤᠯᠤᠯᠳᠠ ᠶᠢᠨ ᠡᠭᠦᠷᠭᠡ ᠴᠢᠳᠠᠪᠬᠢ ᠪᠠᠶᠢᠷᠢ ᠲᠤᠭᠳᠠᠭᠠᠯᠳᠠ ᠶᠢ ᠢᠯᠭᠠᠨ ᠲᠤᠳᠤᠷᠬᠠᠢᠢᠯᠠᠵᠤ᠂ ᠡᠯ᠎ᠠ ᠲᠦᠷᠦᠯ ᠤᠨ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢ ᠬᠡᠷᠡᠭᠴᠡᠭᠡ ᠪᠠᠨ ᠦᠨᠳᠦᠰᠦᠯᠡᠨ ᠲᠤᠬᠢᠷᠠᠭᠤᠯᠬᠤ᠂ ᠲᠤᠰᠢᠶᠠᠯ ᠶᠤᠰᠤᠭᠠᠷ ᠡᠭᠦᠷᠭᠡ ᠪᠠᠨ ᠭᠦᠢᠴᠡᠳᠭᠡᠬᠦ᠂ ᠠᠵᠢᠯ ᠬᠢᠬᠦ ᠬᠦᠮᠦᠨ ᠲᠠᠢ᠂ ᠶᠠᠪᠤᠳᠠᠯ ᠭᠦᠢᠴᠡᠳᠭᠡᠬᠦ ᠳᠦᠷᠢᠮ ᠲᠠᠢ ᠪᠠᠶᠢᠬᠤ ᠶᠢ ᠪᠡᠶᠡᠯᠡᠭᠦᠯᠬᠦ ᠬᠡᠷᠡᠭᠳᠠᠢ᠃ ᠲᠤᠰᠬᠤᠨ ᠤ ᠠᠷᠠᠳ ᠤᠨ ᠵᠦᠪᠯᠡᠯ ᠦᠨᠳᠦᠰᠦᠨ ᠱᠠᠳᠤᠨ ᠤ ᠤᠯᠠᠨ ᠲᠦᠮᠡᠨᠴᠢ ᠴᠢᠨᠠᠷᠳᠠᠢ ᠦᠪᠡᠷᠳᠡᠭᠡᠨ ᠵᠠᠰᠠᠬᠤ ᠵᠤᠬᠢᠶᠠᠨ ᠪᠠᠶᠢᠭᠤᠯᠤᠯᠳᠠ ᠶᠢᠨ ᠡᠭᠦᠷᠭᠡ ᠴᠢᠳᠠᠪᠬᠢ ᠪᠠᠨ ᠰᠠᠶᠢᠳᠤᠷ ᠭᠦᠢᠴᠡᠳᠭᠡᠵᠤ᠂ ᠲᠤᠰᠬᠤᠨ ᠤ ᠠᠷᠠᠳ ᠤᠨ ᠦᠪᠡᠷ ᠢ ᠪᠠᠨ ᠬᠠᠮᠢᠶᠠᠷᠬᠤ᠂ ᠦᠪᠡᠷ ᠢ ᠪᠠᠨ ᠬᠦᠮᠦᠵᠢᠭᠦᠯᠬᠦ᠂ ᠦᠪᠡᠷ ᠤᠨ ᠪᠡᠶ᠎ᠠ ᠳᠡᠭᠡᠨ ᠦᠢᠯᠡᠴᠢᠯᠡᠬᠦ ᠴᠢᠳᠠᠪᠤᠷᠢ ᠶᠢ ᠴᠢᠩᠭᠠᠳᠬᠠᠬᠤ ᠬᠡᠷᠡᠭᠳᠠᠢ᠃ ᠲᠤᠰᠬᠤᠨ ᠤ ᠶᠠᠪᠤᠳᠠᠯ ᠳᠤ ᠬᠢᠨᠠᠯᠳᠠ ᠲᠠᠯᠪᠢᠬᠤ ᠵᠦᠪᠯᠡᠯ ᠢ ᠪᠦᠬᠦ ᠲᠠᠯ᠎ᠠ ᠪᠠᠷ ᠪᠠᠶᠢᠭᠤᠯᠤᠨ ᠪᠦᠷᠢᠨᠰᠢᠭᠦᠯᠵᠤ᠂ ᠲᠤᠰᠬᠤᠨ ᠤ ᠶᠠᠪᠤᠳᠠᠯ ᠳᠤ ᠰᠢᠢᠳᠪᠦᠷᠢᠳᠤ ᠪᠤᠳᠤᠯᠭ᠎ᠠ ᠭᠠᠷᠭᠠᠬᠤ ᠪᠤᠯᠤᠨ ᠢᠯᠡ ᠪᠤᠯᠭᠠᠬᠤ᠂ ᠡᠳ᠋ ᠬᠦᠷᠦᠩᠬᠡ ᠶᠢᠨ ᠬᠠᠮᠢᠶᠠᠷᠤᠯᠳᠠ ᠬᠢᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠬᠢᠬᠦ᠂ ᠲᠠᠷᠢᠶᠠᠴᠢᠳ ᠲᠤ ᠠᠰᠢᠭ ᠬᠦᠷᠳᠡᠭᠡᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠬᠤ ᠵᠡᠷᠭᠡ ᠬᠡᠷᠡᠭ ᠶᠠᠪᠤᠳᠠᠯ ᠳᠠᠬᠢ ᠬᠢᠨᠠᠯᠳᠠ ᠲᠠᠯᠪᠢᠬᠤ ᠦᠢᠯᠡᠳᠦᠯ ᠢ ᠨᠢ ᠪᠠᠳᠠᠷᠠᠭᠤᠯᠤᠨ᠎ᠠ᠃ ᠬᠠᠮᠳᠦ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠵᠤ᠂ ᠬᠠᠮᠳᠦ ᠶᠢᠨ ᠡᠳ᠋ ᠬᠦᠷᠦᠩᠭᠡ ᠶᠢ ᠬᠠᠮᠢᠶᠠᠷᠬᠤ᠂ ᠬᠠᠮᠳᠦ ᠶᠢᠨ ᠡᠬᠢ ᠪᠠᠶᠠᠯᠢᠭ ᠲᠤ ᠵᠤᠬᠢᠰᠳᠠᠢ ᠨᠡᠬᠡᠬᠡᠯᠳᠠ ᠬᠢᠬᠦ᠂ ᠬᠠᠮᠳᠦ ᠶᠢᠨ ᠪᠦᠷᠢᠯᠳᠦᠭᠦᠨ ᠳᠤ ᠦᠢᠯᠡᠴᠢᠯᠡᠬᠦ ᠵᠡᠷᠭᠡ ᠲᠠᠯ᠎ᠠ ᠳᠠᠬᠢ ᠦᠢᠯᠡᠳᠦᠯ ᠢ ᠨᠢ ᠪᠠᠳᠠᠷᠠᠭᠤᠯᠤᠨ᠎ᠠ᠃ ᠲᠤᠰᠬᠤᠨ ᠤ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠲᠠᠷᠢᠶᠠᠴᠢᠳ ᠲᠤ ᠦᠢᠯᠡᠴᠢᠯᠡᠬᠦ᠂ ᠰᠢᠨ᠎ᠠ ᠰᠤᠷᠳᠠᠯ ᠢ ᠪᠤᠢ ᠪᠤᠯᠭᠠᠬᠤ ᠵᠡᠷᠭᠡ ᠲᠠᠯ᠎ᠠ ᠳᠠᠬᠢ ᠢᠳᠡᠪᠬᠢᠳᠠᠢ ᠦᠢᠯᠡᠳᠦᠯ ᠢ ᠪᠠᠳᠠᠷᠠᠭᠤᠯᠤᠨ᠎ᠠ᠃
    ︵ᠭᠤᠷᠪᠠ︶ ᠲᠤᠰᠬᠤᠨ ᠤ ᠱᠠᠳᠤᠨ ᠤ ᠵᠤᠬᠢᠶᠠᠨ ᠪᠠᠶᠢᠭᠤᠯᠤᠯᠳᠠ ᠶᠢᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠨ᠎ᠠ᠃ ᠲᠤᠰᠬᠤᠨ ᠤ ᠱᠠᠳᠤᠨ ᠤ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠳᠤ ᠠᠰᠢᠭᠳᠠᠢ᠂ ᠤᠯᠠᠨ ᠲᠦᠮᠡᠨ ᠳᠤ ᠦᠢᠯᠡᠴᠢᠯᠡᠬᠦ ᠳᠤ ᠠᠰᠢᠭᠳᠠᠢ ᠵᠠᠷᠴᠢᠮ ᠶᠤᠰᠤᠭᠠᠷ᠂ ᠲᠤᠰᠬᠤᠨ ᠤ ᠱᠠᠳᠤᠨ ᠤ ᠵᠤᠬᠢᠶᠠᠨ ᠪᠠᠶᠢᠭᠤᠯᠤᠯᠳᠠ ᠠᠴᠠ ᠤᠷᠤᠯᠠᠨ ᠭᠦᠢᠴᠡᠳᠭᠡᠬᠦ ᠪᠤᠶᠤ ᠳᠠᠭᠠᠭᠠᠴᠢᠯᠠᠨ ᠭᠦᠢᠴᠡᠳᠭᠡᠬᠦ ᠳᠤ ᠲᠤᠬᠢᠷᠠᠮᠵᠢᠳᠠᠢ ᠠᠵᠢᠯ ᠵᠠᠪᠤᠳᠠᠯ ᠢ ᠲᠤᠰᠬᠤᠨ ᠤ ᠱᠠᠳᠤᠨ ᠤ ᠵᠤᠬᠢᠶᠠᠨ ᠪᠠᠶᠢᠭᠤᠯᠤᠯᠳᠠ ᠳᠤ ᠲᠤᠰᠢᠶᠠᠬᠤ ᠶᠢᠨ ᠬᠠᠮᠳᠤ ᠴᠢᠬᠤᠯᠠ ᠪᠦᠬᠦᠢ ᠠᠵᠢᠯ ᠤᠨ ᠨᠦᠬᠦᠴᠡᠯ ᠢ ᠨᠢ ᠪᠠᠳᠤᠯᠠᠨ᠎ᠠ᠃ ᠲᠤᠰᠬᠤᠨ ᠤ ᠱᠠᠳᠤᠨ ᠤ ᠵᠤᠬᠢᠶᠠᠨ ᠪᠠᠶᠢᠭᠤᠯᠤᠯᠳᠠ ᠶᠢᠨ ᠵᠠᠰᠠᠭ ᠤᠨ ᠤᠷᠳᠤᠨ ᠳᠤ ᠬᠠᠮᠵᠢᠯᠴᠠᠬᠤ ᠠᠵᠢᠯ ᠶᠠᠪᠤᠳᠠᠯ ᠢ ᠵᠢᠷᠤᠮᠵᠢᠭᠤᠯᠵᠤ᠂ ᠲᠤᠰᠬᠤᠨ ᠤ ᠱᠠᠳᠤᠨ ᠤ ᠵᠤᠬᠢᠶᠠᠨ ᠪᠠᠶᠢᠭᠤᠯᠤᠯᠳᠠ ᠶᠢᠨ ᠠᠵᠢᠯ ᠤᠨ ᠳᠠᠷᠤᠭᠠᠰᠤ ᠶᠢ ᠳᠤᠷ᠎ᠠ ᠪᠠᠷ ᠢᠶᠠᠨ ᠨᠡᠮᠡᠭᠳᠡᠬᠦᠯᠬᠦ ᠶᠢ ᠰᠡᠷᠭᠡᠶᠢᠯᠡᠨ᠎ᠠ᠃ ᠰᠢᠶᠠᠩ ᠪᠠᠯᠭᠠᠰᠤ ᠶᠢᠨ ᠦᠷᠳᠡᠭᠡ ᠭᠠᠵᠠᠷ ᠤᠨ ᠦᠭᠡᠷᠡᠴᠢᠯᠡᠯᠳᠡ ᠶᠢ ᠨᠢᠭᠡᠳᠦᠯᠳᠠᠢ ᠲᠦᠯᠦᠪᠵᠢᠭᠦᠯᠵᠤ᠂ ᠰᠢᠶᠠᠩ ᠪᠠᠯᠭᠠᠰᠤ ᠶᠢᠨ ᠲᠠᠷᠢᠶᠠᠴᠢᠳ ᠲᠤ ᠦᠢᠯᠡᠴᠢᠯᠡᠬᠦ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠤ᠂ ᠰᠢᠶᠠᠩ ᠪᠠᠯᠭᠠᠰᠤᠨ ᠳᠤ ᠲᠠᠷᠢᠶᠠᠴᠢᠳ ᠲᠤ ᠦᠢᠯᠡᠴᠢᠯᠡᠬᠦ ᠡᠩᠨᠡᠭᠡ ᠪᠠ ᠡᠬᠢ ᠪᠠᠶᠠᠯᠢᠭ ᠪᠠᠶᠢᠬᠤ ᠶᠢ ᠪᠠᠳᠤᠯᠠᠨ᠎ᠠ᠃
    ︵ᠲᠦᠷᠪᠡ︶ ᠲᠤᠰᠬᠤᠨ ᠤ ᠱᠠᠳᠤᠨ ᠤ ᠵᠤᠬᠢᠶᠠᠨ ᠪᠠᠶᠢᠭᠤᠯᠤᠯᠳᠠ ᠶᠢᠨ ᠠᠵᠢᠯᠯᠠᠭᠠᠨ ᠤ ᠵᠠᠷᠤᠳᠠᠯ ᠢ ᠪᠠᠳᠤᠯᠠᠬᠤ ᠲᠤᠬᠳᠠᠴᠠ ᠶᠢ ᠲᠡᠬᠦᠯᠳᠡᠷᠵᠢᠬᠦᠯᠤᠨ᠎ᠡ᠃ ᠡᠳ᠋ ᠤᠨ ᠵᠠᠰᠠᠭ ᠤᠨ ᠪᠡᠯᠡ ᠤᠷᠤᠭᠤᠯᠤᠯᠳᠠ ᠪᠠᠷ ᠭᠤᠤᠯ ᠪᠤᠯᠭᠠᠬᠰᠡᠨ ᠲᠤᠬᠳᠠᠪᠤᠷᠢᠳᠠᠢ ᠲᠤᠰᠬᠤᠨ ᠤ ᠱᠠᠳᠤᠨ ᠤ ᠵᠤᠬᠢᠶᠠᠨ ᠪᠠᠶᠢᠭᠤᠯᠤᠯᠳᠠ ᠶᠢᠨ ᠠᠵᠢᠯᠯᠠᠭᠠᠨ ᠤ ᠵᠠᠷᠤᠳᠠᠯ ᠢ ᠪᠠᠳᠤᠯᠠᠬᠤ ᠲᠦᠷᠢᠮ ᠢ ᠪᠦᠷᠢᠨᠰᠢᠬᠦᠯᠵᠤ᠂ ᠲᠤᠰᠬᠤᠨ ᠤ ᠺᠠᠳ᠋ᠷ ᠤᠨ ᠬᠦᠯᠦᠰᠤ ᠤᠯᠭᠤᠮᠵᠢ ᠪᠠ ᠲᠤᠰᠬᠤᠨ ᠤ ᠱᠠᠳᠤᠨ ᠤ ᠵᠤᠬᠢᠶᠠᠨ ᠪᠠᠶᠢᠭᠤᠯᠤᠯᠳᠠ ᠶᠢᠨ ᠠᠯᠪᠠᠨ ᠵᠠᠷᠤᠳᠠᠯ ᠢ ᠪᠦᠬᠦ ᠲᠠᠯ᠎ᠡ ᠪᠠᠷ ᠨᠠᠶᠢᠳᠠᠪᠤᠷᠢᠵᠢᠭᠤᠯᠵᠤ᠂ ᠬᠡᠪ ᠤᠨ ᠦᠰᠦᠯᠳᠡ ᠶᠢᠨ ᠲᠤᠬᠳᠠᠴᠠ ᠶᠢ ᠪᠠᠶᠢᠭᠤᠯᠵᠤ᠂ ᠲᠤᠰᠬᠤᠨ ᠤ ᠱᠠᠳᠤᠨ ᠤ ᠤᠯᠠᠨ ᠨᠠᠶᠢᠳᠠ ᠶᠢᠨ ᠦᠢᠯᠡᠴᠢᠯᠡᠭᠡᠨ ᠤ ᠠᠵᠢᠯᠯᠠᠭᠠᠨ ᠢ ᠬᠠᠮᠠᠭᠠᠯᠠᠬᠤ ᠵᠡᠷᠭᠡ ᠪᠤᠰᠤᠳ ᠴᠢᠬᠤᠯᠠᠳᠠᠢ ᠵᠠᠷᠤᠳᠠᠯ ᠢ ᠪᠠᠳᠤᠯᠠᠨ᠎ᠡ᠃ ᠲᠤᠰᠬᠤᠨ ᠤ ᠱᠠᠳᠤᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠤᠨ ᠪᠤᠵᠠᠭᠠᠢᠢᠷᠠᠭᠤᠯᠬᠤ ᠪᠠᠷ ᠬᠦᠳᠡᠭᠡ ᠲᠤᠰᠬᠤᠨ ᠤ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠦᠢᠯᠡᠳᠦᠯ ᠢ ᠪᠠᠳᠠᠷᠠᠭᠤᠯᠬᠤ ᠴᠢᠬᠤᠯᠠ ᠠᠷᠭ᠎ᠠ ᠬᠡᠮᠵᠢᠶ᠎ᠡ ᠪᠤᠯᠭᠠᠵᠤ᠂ ᠲᠦᠷᠦ ᠶᠢᠨ ᠪᠤᠳᠤᠯᠭ᠎ᠠ ᠶᠢᠨ ᠲᠡᠮᠵᠢᠯᠭᠡ ᠪᠠ ᠨᠢᠭᠡᠳᠦᠯᠳᠠᠢ ᠲᠦᠯᠦᠪᠵᠢᠬᠦᠯᠤᠨ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠤᠨ ᠲᠤᠰᠬᠤᠨ ᠤ ᠱᠠᠳᠤᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠤᠨ ᠪᠤᠵᠠᠭᠠᠢᠢᠷᠠᠭᠤᠯᠵᠤ᠂ ᠲᠤᠰᠬᠤᠨ ᠤ ᠱᠠᠳᠤᠨ ᠤ ᠵᠤᠬᠢᠶᠠᠨ ᠪᠠᠶᠢᠭᠤᠯᠤᠯᠳᠠ ᠶᠢᠨ ᠦᠪᠡᠷ ᠢ ᠪᠠᠨ ᠪᠠᠳᠤᠯᠠᠬᠤ ᠪᠠ ᠲᠠᠷᠢᠶᠠᠴᠢᠳ ᠲᠤ ᠦᠢᠯᠡᠴᠢᠯᠡᠬᠦ ᠴᠢᠳᠠᠪᠤᠷᠢ ᠶᠢ ᠨᠢ ᠨᠡᠮᠡᠭᠳᠡᠬᠦᠯᠤᠨ᠎ᠡ᠃
    ᠨᠠᠢᠮᠠ᠂ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠢ ᠤᠷᠢᠳ ᠢᠶᠠᠷ ᠬᠦᠭᠵᠢᠬᠦᠯᠬᠦ ᠶᠠᠷᠤᠩᠭᠡᠢ ᠴᠢᠭᠯᠡᠯᠳᠠ ᠶᠢ ᠨᠠᠶᠢᠳᠠᠪᠤᠷᠢᠵᠢᠭᠤᠯᠤᠨ᠎ᠡ
    ︵ᠨᠢᠭᠡ︶ ᠲᠠᠪᠤᠨ ᠱᠠᠳᠤᠨ ᠤ ᠱᠦᠵᠢ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠠᠳᠬᠤᠬᠤ ᠲᠦᠷᠢᠮ ᠤᠨ ᠪᠠᠳᠤᠯᠠᠭ᠎ᠠ ᠶᠢ ᠴᠢᠩᠭᠠᠳᠬᠠᠨ᠎ᠡ᠃ ᠲᠦᠪ ᠠᠴᠠ ᠨᠢᠭᠡᠳᠦᠯᠳᠠᠢ ᠲᠦᠯᠦᠪᠵᠢᠬᠦᠯᠵᠤ᠂ ᠮᠤᠵᠢ ᠠᠴᠠ ᠶᠡᠷᠤᠩᠭᠡᠢ ᠬᠠᠷᠢᠭᠤᠴᠠᠯᠭ᠎ᠠ ᠡᠭᠦᠷᠭᠡᠯᠡᠬᠦ᠂ ᠬᠤᠳᠠ ᠰᠢᠶᠠᠨ ᠰᠢᠶᠠᠩ ᠨᠠᠶᠢᠳᠠᠪᠤᠷᠢᠵᠢᠭᠤᠯᠤᠯᠳᠠ ᠶᠢ ᠠᠳᠬᠤᠬᠤ ᠬᠦᠳᠡᠭᠡ ᠲᠤᠰᠬᠤᠨ ᠤ ᠠᠵᠢᠯ ᠤᠨ ᠲᠤᠬᠳᠠᠴᠠ ᠶᠢ ᠬᠡᠷᠡᠭᠵᠢᠬᠦᠯᠵᠤ᠂ ᠲᠠᠪᠤᠨ ᠱᠠᠳᠤᠨ ᠤ ᠱᠦᠵᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠳᠬᠤᠬᠤ ᠬᠠᠷᠢᠭᠤᠴᠠᠯᠭ᠎ᠠ ᠶᠢ ᠬᠡᠷᠡᠭᠵᠢᠬᠦᠯᠬᠦ ᠨᠠᠷᠢᠨ ᠲᠦᠷᠢᠮ ᠢ ᠲᠤᠬᠳᠠᠭᠠᠨ ᠨᠠᠶᠢᠳᠠᠪᠤᠷᠢᠵᠢᠭᠤᠯᠵᠤ᠂ ᠴᠢᠩᠭ᠎ᠠ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠨ᠎ᠡ᠃ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠲᠤᠭ᠎ᠠ ᠪᠦᠷᠢᠳᠭᠡᠯ ᠤᠨ ᠬᠢᠨᠠᠨ ᠰᠢᠯᠭᠠᠬᠤ ᠠᠵᠢᠯ ᠢ ᠴᠢᠩᠭᠠᠳᠬᠠᠨ᠎ᠡ᠃ 2019 ᠤᠨ ᠳᠤ ᠡᠯ᠎ᠡ ᠮᠤᠵᠢ ︵ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ︶ ᠶᠢᠨ ᠨᠠᠮ ᠤᠨ ᠬᠤᠷᠢᠶ᠎ᠡ ᠭᠠᠵᠠᠷ ᠤᠷᠤᠨ ᠤ ᠪᠠᠨ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠵᠤ᠂ ᠬᠤᠳᠠ ᠰᠢᠶᠠᠨ ᠤ ᠨᠠᠮ ᠵᠠᠰᠠᠭ ᠤᠨ ᠤᠳᠤᠷᠢᠳᠬᠤ ᠪᠠᠭ ᠪᠤᠯᠤᠨ ᠤᠳᠤᠷᠢᠳᠬᠤ ᠺᠠᠳ᠋ᠷ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠠᠬᠢᠭᠤᠯᠤᠭᠰᠠᠨ ᠪᠤᠳᠠᠳᠤ ᠠᠮᠵᠢᠯᠳᠠ ᠶᠢ ᠬᠢᠨᠠᠨ ᠰᠢᠯᠭᠠᠬᠤ ᠰᠠᠨᠠᠯ ᠢ ᠨᠠᠶᠢᠳᠠᠯᠠᠬᠦ ᠪᠦᠭᠡᠳ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠯᠳᠠ ᠶᠢ ᠴᠢᠩᠭᠠᠳᠬᠠᠨ᠎ᠡ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠴᠢᠨᠡᠭᠡᠯᠢᠭ ᠨᠠᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠶᠢᠨ ᠡᠷᠬᠡᠪᠰᠢ ᠪᠠᠶᠠᠯᠡᠬᠦᠯᠬᠦ ᠬᠠᠳᠠᠭᠤ ᠡᠬᠦᠷᠭᠡ ᠪᠠᠨ ᠡᠮᠬᠢᠯᠡᠵᠦ ᠵᠤᠬᠢᠴᠠᠭᠤᠯᠬᠤ ᠪᠠᠨ ᠱᠠᠯᠠᠪᠳᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ 2020 ᠤᠨ ᠪᠤᠯᠬᠤ ᠳᠤ ᠡᠯ᠎ᠡ ᠵᠦᠢᠯ ᠤᠨ ᠡᠬᠦᠷᠭᠡ ᠪᠠᠨ ᠲᠡᠬᠦᠰ ᠠᠮᠵᠢᠯᠳᠠᠳᠠᠢ ᠪᠠᠶᠠᠯᠡᠬᠦᠯᠬᠦ ᠶᠢ ᠦᠨᠡᠨ ᠬᠦ ᠪᠠᠳᠤᠯᠠᠬᠤ ᠬᠡᠷᠡᠭᠳᠠᠢ᠃
    ︵ᠬᠤᠶᠠᠷ︶ ᠬᠦᠳᠡᠭᠡ ᠠᠵᠤ ᠠᠬᠤᠢ ᠬᠦᠳᠡᠭᠡ ᠲᠤᠰᠬᠤᠨ ᠢ ᠤᠷᠢᠳ ᠢᠶᠠᠷ ᠬᠦᠭᠵᠢᠬᠦᠯᠬᠦ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠪᠠᠳᠤ ᠪᠤᠢ ᠪᠤᠯᠭᠠᠨ᠎ᠡ᠃ ᠡᠯ᠎ᠡ ᠱᠠᠳᠤᠨ ᠤ ᠨᠠᠮ ᠤᠨ ᠬᠤᠷᠢᠶ᠎ᠡ ᠪᠠ ᠵᠠᠰᠠᠭ ᠤᠨ ᠤᠷᠳᠤᠨ ᠡᠷᠬᠡᠪᠰᠢ ︽ᠲᠦᠷᠪᠡᠨ ᠤᠷᠢᠳ ᠢᠶᠠᠷ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠤᠨ ᠲᠡᠷᠢᠬᠦᠨ ᠴᠢᠬᠤᠯᠠ ᠶᠡᠭᠡ ᠶᠠᠪᠤᠳᠠᠯ ᠪᠤᠯᠭᠠᠵᠤ᠂ ᠰᠠᠶᠢᠳᠤᠷ ᠡᠬᠦᠷᠭᠡᠯᠡᠵᠤ᠂ ᠰᠠᠶᠢᠳᠤᠷ ᠠᠳᠬᠤᠵᠤ᠂ ᠵᠠᠰᠠᠭ ᠤᠨ ᠠᠵᠢᠯ ᠤᠨ ᠠᠮᠵᠢᠯᠳᠠ ᠪᠦᠲᠦᠮᠵᠢ ᠶᠢᠨ ᠬᠢᠨᠠᠨ ᠰᠢᠯᠭᠠᠯᠳᠠ ᠲᠠᠢ ᠬᠤᠯᠪᠤᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠬᠤ ᠬᠡᠷᠡᠭᠳᠠᠢ᠃ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠳᠠᠬᠢ ᠺᠠᠳ᠋ᠷ ᠤᠨ ᠲᠤᠬᠢᠷᠠᠭᠤᠯᠤᠯᠳᠠ ᠶᠢ ᠤᠷᠢᠳ ᠢᠶᠠᠷ ᠪᠤᠳᠤᠯᠬᠢᠯᠠᠵᠤ᠂ ᠰᠢᠯᠢᠳᠡᠭ ᠺᠠᠳ᠋ᠷ ᠢ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠤᠨ ᠡᠮᠤᠨ᠎ᠡ ᠹᠷᠤᠨᠲ ᠲᠤ ᠳᠤᠬᠢᠷᠠᠭᠤᠯᠵᠤ᠂ ᠰᠢᠯᠢᠳᠡᠭ ᠬᠦᠴᠦ ᠪᠠᠨ ᠦᠨᠳᠦᠰᠦᠨ ᠱᠠᠳᠤᠨ ᠤ ᠡᠮᠤᠨ᠎ᠡ ᠹᠷᠤᠨᠲ ᠲᠤ ᠳᠤᠬᠢᠷᠠᠭᠤᠯᠵᠤ᠂ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠢ ᠤᠢᠢᠯᠠᠭᠠᠳᠠᠭ ᠺᠠᠳ᠋ᠷ ᠢ ᠤᠷᠤᠨ ᠨᠤᠳᠤᠭ ᠤᠨ ᠡᠯ᠎ᠡ ᠱᠠᠳᠤᠨ ᠤ ᠨᠠᠮ ᠵᠠᠰᠠᠭ ᠤᠨ ᠤᠳᠤᠷᠢᠳᠬᠤ ᠪᠠᠭ ᠲᠤ ᠰᠤᠩᠭᠤᠨ ᠲᠠᠪᠰᠢᠬᠦᠯᠬᠦ ᠶᠢ ᠴᠢᠬᠤᠯᠠᠴᠢᠯᠠᠬᠤ ᠬᠡᠷᠡᠭᠳᠠᠢ᠃ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠬᠦᠭᠵᠢᠯᠳᠠ ᠳᠤ ᠱᠠᠭᠠᠷᠳᠠᠬᠤ ᠴᠢᠬᠤᠯᠠ ᠡᠯᠧᠮᠧᠨ᠋ᠲ ᠤᠨ ᠲᠤᠬᠢᠷᠠᠭᠤᠯᠤᠯᠳᠠ ᠶᠢ ᠤᠷᠢᠳ ᠢᠶᠠᠷ ᠬᠠᠨᠭ᠍ᠭᠠᠵᠤ᠂ ᠬᠤᠳᠠ ᠬᠦᠳᠡᠭᠡ ᠶᠢᠨ ᠴᠢᠬᠤᠯᠠ ᠡᠯᠧᠮᠧᠨ᠋ᠲ ᠤᠨ ᠴᠢᠯᠦᠭᠡᠳᠠᠢ ᠰᠢᠯᠵᠢᠬᠦ᠂ ᠡᠷᠭᠡ ᠲᠡᠭᠰᠢ ᠪᠠᠷ ᠰᠤᠯᠢᠯᠴᠠᠬᠤ ᠶᠢ ᠬᠠᠷᠰᠢᠯᠠᠬᠤ ᠪᠠᠶᠢᠭᠤᠯᠤᠮᠵᠢ ᠲᠤᠬᠳᠠᠴᠠ ᠶᠢᠨ ᠬᠠᠷᠰᠢ ᠰᠠᠭᠠᠳ ᠢ ᠡᠷᠡᠰ ᠠᠷᠢᠯᠭᠠᠵᠤ᠂ ᠬᠦᠳᠡᠭᠡ ᠲᠤᠰᠬᠤᠨ ᠤ ᠴᠢᠬᠤᠯᠠ ᠡᠯᠧᠮᠧᠨ᠋ᠲ ᠭᠠᠳᠠᠭᠰᠢ ᠰᠢᠯᠵᠢᠭᠡᠳ ᠯᠡ ᠪᠠᠶᠢᠳᠠᠭ ᠦᠷᠦᠭᠡᠰᠦᠭᠡᠯ ᠪᠠᠶᠢᠷᠢᠰᠢᠯ ᠢ ᠬᠤᠪᠢᠷᠠᠭᠤᠯᠵᠤ᠂ ᠡᠬᠢ ᠪᠡᠶᠠᠯᠢᠭ ᠤᠨ ᠡᠯᠧᠮᠧᠨ᠋ᠲ ᠤᠨ ᠬᠦᠳᠡᠭᠡ ᠲᠤᠰᠬᠤᠨ ᠲᠠᠶᠢᠰᠢ ᠰᠢᠯᠵᠢᠬᠦ ᠶᠢ ᠠᠬᠢᠭᠤᠯᠬᠤ ᠬᠡᠷᠡᠭᠳᠠᠢ᠃ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠳᠠᠬᠢ ᠪᠡᠯᠡ ᠤᠷᠤᠭᠤᠯᠤᠯᠳᠠ ᠶᠢ ᠤᠷᠢᠳ ᠢᠶᠠᠷ ᠪᠠᠳᠤᠯᠠᠵᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠢ ᠡᠳ᠋ ᠤᠨ ᠵᠠᠰᠠᠭ ᠤᠨ ᠤᠷᠢᠳ ᠢᠶᠠᠷ ᠪᠠᠳᠤᠯᠠᠬᠤ ᠬᠦᠷᠢᠶ᠎ᠡ ᠪᠠ ᠮᠦᠡᠭᠭᠦᠨ ᠬᠦᠢᠯᠭᠡᠭᠡᠨ ᠤ ᠤᠷᠢᠳ ᠢᠶᠠᠷ ᠦᠢᠯᠡᠴᠢᠯᠡᠬᠦ ᠬᠦᠷᠢᠶ᠎ᠡ ᠪᠤᠯᠭᠠᠵᠤ᠂ ᠤᠯᠠᠨ ᠨᠠᠶᠢᠳᠠ ᠶᠢᠨ ᠡᠳ᠋ ᠤᠨ ᠵᠠᠰᠠᠭ ᠢ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠳᠤ ᠨᠡᠩ ᠢᠯᠡᠭᠦᠦ ᠬᠡᠯᠪᠠᠶᠢᠯᠭᠡᠵᠤ᠂ ᠬᠤᠰᠢᠭᠤ ᠰᠢᠶᠠᠨ ᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠲᠡᠮᠵᠢᠬᠦ ᠳᠤ ᠭᠤᠤᠯᠴᠢᠯᠠᠨ ᠬᠡᠷᠡᠭᠯᠡᠬᠦ ᠶᠢ ᠪᠠᠷᠢᠮᠳᠠᠯᠠᠨ᠎ᠡ᠃ ᠤᠷᠤᠨ ᠨᠤᠳᠤᠭ ᠤᠨ ᠵᠠᠰᠠᠭ ᠤᠨ ᠤᠷᠳᠤᠨ ᠤ ᠵᠢᠭᠡᠯᠡᠯᠭᠡ ᠶᠢᠨ ᠲᠡᠮᠳᠡᠭᠳᠤ ᠶᠢᠨ ᠪᠡᠯᠡ ᠮᠦᠡᠭᠭᠦ ᠶᠢ ᠵᠤᠬᠢᠬᠤ ᠬᠠᠷᠢᠴᠠᠯ ᠢᠶᠠᠷ ᠬᠦᠳᠡᠭᠡ ᠲᠤᠰᠬᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ᠂ ᠲᠤᠰᠬᠤᠨ ᠤ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠲᠠᠮᠵᠢᠬᠦ ᠵᠡᠷᠭᠡ ᠭᠤᠤᠯᠳᠠᠯᠭ᠎ᠠ ᠲᠠᠢ ᠬᠦᠷᠢᠶᠠᠨ ᠳᠤ ᠬᠡᠷᠡᠭᠯᠡᠬᠦ ᠪᠠᠷ ᠲᠤᠬᠢᠷᠠᠭᠤᠯᠤᠨ᠎ᠡ᠃ ᠬᠦᠳᠡᠭᠡ ᠲᠤᠰᠬᠤᠨ ᠤ ᠤᠯᠠᠨ ᠨᠠᠶᠢᠳᠠ ᠶᠢᠨ ᠦᠢᠯᠡᠴᠢᠯᠡᠭᠡ ᠶᠢ ᠤᠷᠢᠳ ᠢᠶᠠᠷ ᠲᠤᠬᠢᠷᠠᠭᠤᠯᠵᠤ᠂ ᠬᠤᠳᠠ ᠬᠦᠳᠡᠭᠡ ᠶᠢᠨ ᠦᠨᠳᠦᠰᠤᠨ ᠤᠯᠠᠨ ᠨᠠᠶᠢᠳᠠ ᠶᠢᠨ ᠦᠢᠯᠡᠴᠢᠯᠡᠭᠡᠨ ᠤ ᠪᠠᠷᠢᠮᠵᠢᠶ᠎ᠠ ᠨᠢᠭᠡᠳᠦᠯᠳᠠᠢ᠂ ᠲᠦᠷᠢᠮ ᠨᠢᠭᠡᠳᠦᠯᠳᠠᠢ ᠪᠠᠶᠢᠬᠤ ᠶᠢ ᠠᠬᠢᠭᠤᠯᠵᠤ᠂ ᠬᠡᠯᠪᠡᠷᠢ ᠲᠡᠭᠡᠷᠡᠬᠢ ᠲᠦᠭᠡᠮᠡᠯ ᠠᠰᠢᠭ ᠬᠦᠷᠳᠡᠬᠦ ᠠᠴᠠ ᠮᠦᠨ ᠴᠢᠨᠠᠷ ᠲᠡᠭᠡᠷᠡᠬᠢ ᠡᠷᠬᠡ ᠲᠡᠭᠰᠢ ᠪᠠᠶᠢᠬᠤ ᠬᠤᠪᠢᠷᠠᠯᠳᠠ ᠶᠢ ᠪᠠᠶᠠᠯᠡᠬᠦᠯᠤᠨ᠎ᠡ᠃ ᠬᠦᠳᠡᠭᠡ ᠠᠵᠤ ᠠᠬᠤᠢ ᠬᠦᠳᠡᠭᠡ ᠲᠤᠰᠬᠤᠨ ᠢ ᠤᠷᠢᠳ ᠢᠶᠠᠷ ᠬᠦᠭᠵᠢᠬᠦᠯᠬᠦ ᠦᠵᠤ ᠲᠦᠯᠦᠪᠯᠡᠭᠡ ᠶᠢ ᠲᠡᠬᠦᠯᠳᠡᠷᠵᠢᠬᠦᠯᠤᠨ ᠨᠠᠶᠢᠳᠠᠪᠤᠷᠢᠵᠢᠭᠤᠯᠵᠤ᠂ ᠵᠢᠯᠤᠭᠤᠳᠬᠤ ᠰᠠᠨᠠᠯ ᠪᠠ ᠪᠤᠳᠠᠳᠠᠢ ᠬᠡᠷᠡᠭᠵᠢᠬᠦᠯᠬᠦ ᠠᠷᠭ᠎ᠠ ᠶᠢ ᠰᠤᠳᠤᠯᠤᠨ ᠳᠤᠭᠳᠠᠭᠠᠬᠤ ᠪᠠᠨ ᠱᠠᠯᠠᠪᠳᠠᠭᠤᠯᠤᠨ᠎ᠠ᠃
    ︵ᠭᠤᠷᠪᠠ︶ ᠬᠦᠳᠡᠭᠡ ᠠᠵᠤ ᠠᠬᠤᠢ ᠶᠢ ᠤᠢᠢᠯᠠᠭᠠᠬᠤ᠂ ᠬᠦᠳᠡᠭᠡ ᠲᠤᠰᠬᠤᠨ ᠢ ᠬᠠᠶᠢᠷᠠᠯᠠᠬᠤ᠂ ᠲᠠᠷᠢᠶᠠᠴᠢᠨ ᠢ ᠬᠠᠶᠢᠷᠠᠯᠠᠬᠤ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠤᠨ ᠡᠩᠨᠡᠭᠡ ᠶᠢ ᠬᠦᠮᠦᠵᠢᠭᠦᠯᠦᠨ᠎ᠡ᠃ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠤᠨ ᠺᠠᠳ᠋ᠷᠴᠤᠳ ᠤᠨ ᠡᠩᠨᠡᠭᠡ ᠶᠢ ᠬᠦᠮᠦᠵᠢᠭᠦᠯᠬᠦ᠂ ᠳᠤᠬᠢᠷᠠᠭᠤᠯᠬᠤ᠂ ᠬᠠᠮᠢᠶᠠᠷᠬᠤ᠂ ᠬᠡᠷᠡᠭᠯᠡᠬᠦ ᠲᠤᠬᠲᠠᠴᠠ ᠶᠢ ᠪᠠᠶᠢᠭᠤᠯᠵᠤ᠂ ᠬᠠᠯᠠᠮᠵᠢᠯᠠᠨ ᠵᠤᠷᠢᠬᠵᠢᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠤᠨ ᠺᠠᠳ᠋ᠷᠴᠤᠳ ᠤᠨ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠮᠠᠨᠳᠤᠭᠤᠯᠵᠤ᠂ ᠦᠨᠡᠨ ᠢ ᠪᠠᠷᠢᠮᠳᠠᠯᠠᠨ ᠪᠤᠲᠠᠲᠠᠢ ᠶᠢ ᠡᠷᠬᠢᠮᠯᠡᠬᠦ ᠵᠤᠷᠢᠬ ᠰᠠᠨᠠᠭ᠎ᠠ ᠶᠢ ᠰᠠᠨᠠᠭᠠᠴᠢᠯᠠᠵᠤ᠂ ᠤᠯᠠᠨ ᠲᠦᠮᠡᠨ ᠯᠦᠭᠡ ᠶᠢᠨ ᠬᠠᠷᠢᠯᠴᠠᠭ᠎ᠠ ᠪᠠᠨ ᠨᠢᠬᠲᠠᠷᠠᠭᠤᠯᠵᠤ᠂ ᠲᠠᠷᠢᠶᠠᠴᠢᠳ ᠢ ᠬᠠᠶᠢᠷᠠᠯᠠᠬᠤ ᠰᠡᠳᠬᠢᠯᠭᠡ ᠪᠠᠨ ᠭᠦᠨᠵᠡᠭᠡᠶᠢᠷᠡᠭᠦᠯᠬᠦ ᠶᠢ ᠬᠦᠲᠦᠯᠦᠨ ᠵᠢᠯᠤᠭᠤᠳᠴᠤ ᠰᠤᠷᠭᠠᠨ ᠬᠦᠮᠦᠵᠢᠭᠦᠯᠦᠨ᠎ᠡ᠃ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠪᠤᠯᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠳᠠᠬᠢ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠡᠰ ᠵᠠᠯᠠᠷᠠᠭᠤᠯᠵᠤ᠂ ᠡᠯ᠎ᠡ ᠲᠦᠷᠦᠯ ᠤᠨ ᠪᠠᠶᠢᠴᠠᠭᠠᠨ ᠰᠢᠯᠭᠠᠷᠠᠭᠤᠯᠬᠤ᠂ ᠰᠢᠯᠭᠠᠨ ᠦᠨᠡᠯᠡᠵᠦ ᠱᠠᠯᠠᠪᠳᠠᠭᠤᠯᠤᠨ ᠵᠢᠯᠤᠭᠤᠳᠬᠤ ᠶᠠᠪᠤᠳᠠᠯ ᠢ ᠴᠡᠭᠴᠡᠯᠡᠨ ᠵᠢᠷᠤᠮᠵᠢᠭᠤᠯᠵᠤ᠂ ᠦᠨᠳᠦᠰᠦᠨ ᠱᠠᠲᠤᠨ ᠤ ᠬᠢᠨ ᠪᠠᠶᠢᠴᠠᠭᠠᠯᠳᠠ ᠰᠢᠯᠭᠠᠷᠠᠭᠤᠯᠤᠯᠳᠠ ᠶᠢ ᠬᠠᠰᠢᠷᠠᠳᠠᠯ᠎ᠠ ᠪᠠᠨ ᠤᠬᠲᠤᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠦᠨᠳᠦᠰᠦᠨ ᠱᠠᠲᠤᠨ ᠤ ᠺᠠᠳ᠋ᠷᠴᠤᠳ ᠤᠨ ᠬᠦᠴᠦ ᠴᠢᠳᠠᠯ ᠢ ᠤᠯᠠᠨ ᠲᠦᠮᠡᠨ ᠳᠤ ᠪᠤᠲᠠᠲᠠᠢ ᠠᠵᠢᠯ ᠬᠢᠬᠦ ᠰᠠᠶᠢᠨ ᠠᠵᠢᠯ ᠬᠢᠬᠦ ᠳᠡᠭᠡᠷ᠎ᠡ ᠲᠦᠪᠯᠡᠷᠡᠭᠦᠯᠦᠨ᠎ᠡ᠃ ᠬᠦᠳᠡᠭᠡ ᠲᠤᠰᠬᠤᠨ ᠤ ᠴᠢᠳᠠᠪᠤᠷᠢᠲᠠᠨ ᠢ ᠡᠯ᠎ᠡ ᠱᠠᠲᠤᠨ ᠤ ᠴᠢᠳᠠᠪᠤᠷᠢᠲᠡᠨ ᠢ ᠬᠦᠮᠦᠵᠢᠭᠦᠯᠬᠦ ᠲᠦᠯᠦᠪᠯᠡᠭᠡ ᠳᠤ ᠤᠷᠤᠭᠤᠯᠤᠨ ᠭᠤᠤᠯᠳᠠᠯᠭ᠎ᠠ ᠲᠠᠢ ᠳᠡᠮᠵᠢᠨ᠎ᠡ᠃ ᠬᠤᠰᠢᠭᠤ ᠰᠢᠶᠠᠨ ᠤ ᠴᠢᠳᠠᠪᠤᠷᠢᠲᠠᠨ ᠢ ᠨᠢᠭᠡᠳᠦᠯᠲᠡᠢ ᠲᠦᠯᠦᠪᠵᠢᠭᠦᠯᠦᠨ ᠬᠡᠷᠡᠭᠯᠡᠬᠦ ᠳᠦᠷᠢᠮ ᠪᠤᠯᠤᠨ ᠬᠦᠳᠡᠭᠡ ᠲᠤᠰᠬᠤᠨ ᠤ ᠴᠢᠳᠠᠪᠤᠷᠢᠲᠡᠨ ᠢ ᠴᠢᠭᠯᠡᠯ ᠲᠤᠬᠲᠠᠭᠠᠨ ᠨᠠᠶᠢᠳᠠᠨ ᠬᠦᠮᠦᠵᠢᠭᠦᠯᠬᠦ ᠳᠦᠷᠢᠮ ᠢ ᠪᠠᠶᠢᠭᠤᠯᠵᠤ᠂ ᠠᠵᠢᠯ ᠤᠨ ᠪᠠᠶᠢᠷᠢ ᠤᠷᠤᠨ ᠳᠤᠭ᠎ᠠ ᠵᠤᠬᠢᠬᠤ ᠬᠡᠮᠵᠢᠶ᠎ᠡ ᠪᠠᠷ ᠰᠠᠯᠤᠩᠬᠢᠷᠠᠬᠤ᠂ ᠠᠵᠢᠯ ᠤᠨ ᠪᠠᠶᠢᠷᠢ ᠳᠡᠭᠡᠷᠡᠬᠢ ᠰᠤᠷᠤᠯᠭ᠎ᠠ ᠶᠢᠨ ᠨᠠᠮᠲᠠᠷ ᠤᠨ ᠰᠤᠷᠭᠠᠨ ᠬᠦᠮᠦᠵᠢᠯ᠂ ᠮᠡᠷᠭᠡᠵᠢᠯ ᠤᠨ ᠴᠤᠯᠠ ᠶᠢ ᠦᠨᠡᠯᠡᠨ ᠲᠤᠬᠲᠠᠭᠠᠬᠤ ᠳᠤ ᠰᠢᠨ᠎ᠡ ᠶᠢ ᠡᠭᠦᠳᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠡᠯ᠎ᠡ ᠲᠦᠷᠦᠯ ᠤᠨ ᠴᠢᠳᠠᠪᠤᠷᠢᠲᠡᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠤᠷᠤᠯᠴᠠᠬᠤ ᠶᠢ ᠬᠦᠲᠦᠯᠦᠨ ᠵᠢᠯᠤᠭᠤᠳᠬᠤ ᠶᠢ ᠰᠦᠪᠡᠭᠴᠢᠯᠡᠨ᠎ᠠ᠃ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠡᠯ᠎ᠡ ᠲᠦᠷᠦᠯ ᠤᠨ ᠴᠢᠳᠠᠪᠤᠷᠢᠲᠡᠨ ᠢ ᠬᠦᠬᠢᠭᠦᠯᠦᠨ ᠰᠠᠶᠢᠰᠢᠶᠠᠬᠤ ᠪᠠ ᠱᠠᠩᠨᠠᠨ ᠵᠤᠷᠢᠭᠵᠢᠭᠤᠯᠤᠨ᠎ᠠ᠃ ᠰᠢᠨ᠎ᠡ ᠮᠠᠶ᠋ᠢᠬ ᠤᠨ ᠠᠵᠢᠯ ᠮᠡᠷᠭᠡᠵᠢᠯ ᠤᠨ ᠲᠠᠷᠢᠶᠠᠴᠢᠨ ᠢ ᠬᠦᠮᠦᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠬᠦᠳᠡᠭᠡ ᠲᠤᠰᠬᠤᠨ ᠤ ᠬᠡᠷᠡᠭᠴᠡᠭᠡ ᠳᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠬᠦᠴᠦᠯᠡᠨ ᠬᠦᠭᠵᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠲᠠᠷᠢᠶᠠᠯᠠᠩ ᠳᠤ ᠬᠤᠯᠪᠤᠬᠳᠠᠬᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠦᠳᠡᠭᠡ ᠠᠵᠤ ᠠᠬᠤᠢ ᠶᠢ ᠤᠢᠢᠯᠠᠭᠠᠬᠤ᠂ ᠬᠦᠳᠡᠭᠡ ᠲᠤᠰᠬᠤᠨ ᠢ ᠬᠠᠶᠢᠷᠠᠯᠠᠬᠤ᠂ ᠲᠠᠷᠢᠶᠠᠴᠢᠨ ᠢ ᠬᠠᠶᠢᠷᠠᠯᠠᠬᠤ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠤᠨ ᠡᠩᠨᠡᠭᠡ ᠶᠢ ᠬᠦᠮᠦᠵᠢᠭᠦᠯᠬᠦ ᠲᠦᠷᠦ ᠶᠢᠨ ᠪᠤᠳᠤᠯᠭ᠎ᠠ ᠰᠠᠨᠠᠯ ᠢ ᠱᠠᠯᠠᠪᠳᠠᠨ ᠲᠤᠬᠲᠠᠭᠠᠨ᠎ᠠ᠃
    ︵ᠳᠦᠷᠪᠡ︶ ᠲᠠᠷᠢᠶᠠᠴᠢᠨ ᠤ ᠭᠤᠤᠯ ᠴᠤᠬᠴᠠ ᠶᠢᠨ ᠦᠢᠯᠡᠳᠦᠯ ᠢ ᠰᠠᠶᠢᠳᠤᠷ ᠪᠠᠳᠠᠷᠠᠭᠤᠯᠤᠨ᠎ᠠ᠃ ᠳᠦᠷᠢᠮ ᠤᠨ ᠪᠠᠶᠢᠭᠤᠯᠤᠯᠲᠠ᠂ ᠲᠦᠷᠦ ᠶᠢᠨ ᠪᠤᠳᠤᠯᠭ᠎ᠠ ᠶᠢᠨ ᠵᠤᠷᠢᠬᠵᠢᠭᠤᠯᠤᠯ᠂ ᠰᠤᠷᠭᠠᠨ ᠬᠦᠮᠦᠵᠢᠯ ᠤᠨ ᠵᠢᠯᠤᠭᠤᠳᠤᠮᠵᠢ ᠪᠠᠨ ᠴᠢᠩᠭᠠᠳᠬᠠᠵᠤ᠂ ᠤᠯᠠᠨ ᠲᠦᠮᠡᠨ ᠢ ᠳᠠᠶᠢᠴᠢᠯᠠᠬᠤ᠂ ᠤᠯᠠᠨ ᠲᠦᠮᠡᠨ ᠢ ᠵᠤᠬᠢᠶᠠᠨ ᠪᠠᠶᠢᠭᠤᠯᠬᠤ᠂ ᠤᠯᠠᠨ ᠲᠦᠮᠡᠨ ᠳᠤ ᠦᠢᠯᠡᠴᠢᠯᠡᠬᠦ ᠶᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠦᠬᠦ ᠶᠠᠪᠤᠴᠠ ᠳᠤ ᠲᠤᠭᠤᠰᠢᠯᠠᠭᠤᠯᠵᠤ᠂ ᠲᠠᠷᠢᠶᠠᠴᠢᠨ ᠤ ᠬᠦᠰᠡᠯ ᠡᠷᠡᠮᠡᠯᠵᠡᠯ ᠢ ᠭᠦᠢᠴᠡᠳ ᠬᠦᠨᠳᠦᠳᠬᠡᠵᠦ᠂ ᠦᠪᠡᠷ ᠤᠨ ᠬᠦᠴᠦ ᠪᠠᠷ ᠢᠶᠠᠨ ᠳᠡᠭᠵᠢᠷᠡᠬᠦ᠂ ᠰᠢᠷᠭᠠᠭᠤ ᠬᠠᠲᠠᠭᠤᠵᠢᠯᠲᠠᠢ ᠲᠡᠮᠡᠴᠡᠬᠦ ᠵᠤᠷᠢᠬ ᠰᠠᠨᠠᠭ᠎ᠠ ᠶᠢ ᠪᠠᠳᠠᠷᠠᠭᠤᠯᠵᠤ᠂ ᠲᠠᠷᠢᠶᠠᠴᠢᠨ ᠤᠯᠠᠨ ᠲᠦᠮᠡᠨ ᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠠᠶᠢᠴᠢᠯᠠᠨ ᠬᠦᠭᠵᠢᠭᠡᠨ᠎ᠠ᠃ ᠵᠠᠰᠠᠬ ᠤᠨ ᠤᠷᠳᠤᠨ ᠤ ᠪᠡᠯᠡ ᠤᠷᠤᠭᠤᠯᠤᠯᠳᠠ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠠᠷᠠᠳ ᠠᠴᠠ ᠡᠷᠬᠢᠯᠡᠨ ᠨᠡᠶᠢᠭᠡᠮ ᠨᠡᠶᠢᠲᠡ ᠠᠴᠠ ᠲᠤᠰᠠᠯᠠᠬᠤ᠂ ᠪᠡᠯᠡ ᠬᠤᠷᠠᠮᠳᠤᠭᠤᠯᠵᠤ ᠬᠦᠳᠡᠯᠮᠦᠷᠢ ᠬᠦᠴᠦ ᠴᠤᠬᠯᠠᠭᠤᠯᠬᠤ᠂ ᠱᠠᠩᠨᠠᠯ ᠢᠶᠠᠷ ᠨᠦᠬᠦᠪᠦᠷᠢ ᠶᠢ ᠤᠷᠤᠯᠠᠭᠤᠯᠬᠤ᠂ ᠬᠦᠳᠡᠯᠮᠦᠷᠢ ᠪᠠᠷ ᠲᠡᠳᠬᠦᠮᠵᠢ ᠶᠢ ᠤᠷᠤᠯᠠᠭᠤᠯᠬᠤ ᠵᠡᠷᠭᠡ ᠬᠡᠯᠪᠡᠷᠢ ᠪᠠᠷ ᠳᠠᠮᠵᠢᠨ᠂ ᠲᠤᠰᠬᠤᠨ ᠤ ᠬᠠᠮᠲᠤ ᠨᠡᠶᠢᠳᠡ ᠪᠤᠯᠤᠨ ᠲᠠᠷᠢᠶᠠᠴᠢᠳ ᠤᠨ ᠦᠪᠡᠷᠰᠡᠳ ᠢᠶᠠᠨ ᠰᠢᠭᠤᠳ ᠠᠰᠢᠬ ᠬᠦᠷᠲᠡᠬᠦ ᠲᠤᠰᠬᠤᠨ ᠤ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠤᠯᠤᠨ ᠬᠦᠳᠡᠭᠡ ᠲᠤᠰᠬᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠴᠡᠭᠴᠡᠯᠡᠨ ᠵᠠᠰᠠᠯᠲᠠ ᠶᠢ ᠪᠡᠶ᠎ᠠ ᠪᠠᠨ ᠳᠠᠭᠠᠭᠠᠨ ᠵᠤᠬᠢᠶᠠᠨ ᠪᠠᠶᠢᠭᠤᠯᠤᠨ ᠬᠡᠷᠡᠭᠵᠢᠭᠦᠯᠬᠦ ᠪᠤᠶᠤ ᠲᠡᠭᠦᠨ ᠳᠤ ᠤᠷᠤᠯᠴᠠᠬᠤ ᠶᠢ ᠬᠦᠲᠦᠯᠦᠨ ᠳᠠᠭᠠᠭᠤᠯᠵᠤ ᠳᠡᠮᠵᠢᠨ᠎ᠡ᠃ ᠬᠤᠷᠠᠮᠳᠤᠭᠤᠯᠵᠤ ᠴᠤᠭᠯᠠᠭᠤᠯᠤᠭᠰᠠᠨ ᠪᠡᠯᠡ ᠮᠦᠩᠭᠦ ᠬᠦᠳᠡᠯᠮᠦᠷᠢ ᠬᠦᠴᠦᠨ ᠤ ᠬᠡᠷᠡᠭᠯᠡᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠴᠢᠳ ᠤᠨ ᠳᠠᠷᠤᠭᠠᠰᠤ ᠶᠢ ᠨᠡᠮᠡᠭᠳᠡᠭᠦᠯᠬᠦ ᠠᠴᠠ ᠰᠡᠷᠭᠡᠶᠢᠯᠡᠨ᠎ᠡ᠃ ᠲᠤᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠳᠦᠭᠦᠮ ᠲᠦᠳᠡ ᠬᠢᠨᠠᠨ ᠵᠦᠪᠰᠢᠶᠡᠷᠡᠭᠦᠯᠬᠦ ᠠᠷᠭ᠎ᠠ ᠶᠢ ᠲᠤᠬᠲᠠᠭᠠᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠳᠠ ᠬᠦᠯᠢᠶᠡᠬᠦ ᠳᠤ ᠲᠤᠬᠢᠷᠠᠬᠤ ᠬᠡᠪᠴᠢᠶ᠎ᠡ ᠶᠢ ᠳᠦᠷᠢᠮᠵᠢᠭᠦᠯᠦᠨ ᠪᠠᠭᠠᠰᠬᠠᠵᠤ᠂ ᠲᠠᠷᠢᠶᠠᠴᠢᠳ ᠢ ᠨᠡᠩ ᠢᠯᠡᠭᠦᠦ ᠤᠷᠤᠯᠴᠠᠭᠤᠯᠵᠤ ᠠᠰᠢᠬ ᠬᠦᠷᠲᠡᠭᠡᠨ᠎ᠡ᠃
    ᠤᠳᠤᠬᠠᠨ ᠳᠤ᠂ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠢ ᠰᠠᠶᠢᠳᠤᠷ ᠬᠢᠬᠦ ᠶᠢᠨ ᠠᠴᠢ ᠬᠤᠯᠪᠤᠬᠳᠠᠯ ᠴᠢᠬᠤᠯᠠ ᠶᠡᠭᠡ᠂ ᠡᠭᠦᠷᠭᠡ ᠬᠠᠲᠠᠭᠤ ᠪᠡᠷᠬᠡ᠂ ᠱᠠᠭᠠᠷᠳᠠᠯᠭ᠎ᠠ ᠪᠠᠴᠢᠮ ᠲᠤᠯᠭᠠᠮ ᠪᠠᠶᠢᠨ᠎ᠠ᠂ ᠳᠡᠭᠡᠷ᠎ᠡ ᠳᠤᠷᠠᠳᠤᠬᠰᠠᠨ 8 ᠲᠠᠯ᠎ᠠ ᠶᠢᠨ ᠠᠵᠢᠯ ᠠᠴᠠ ᠭᠠᠳᠠᠨ᠎ᠠ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠬᠰᠠᠨ ᠪᠤᠰᠤᠳ ᠡᠯ᠎ᠡ ᠵᠦᠢᠯ ᠤᠨ ᠠᠵᠢᠯ ᠳᠤ ᠡᠷᠬᠡᠪᠰᠢ ᠤᠳᠠᠭᠠᠨ ᠳᠠᠭᠠᠭᠠᠮᠠᠭᠠᠢ ᠪᠠᠷ ᠵᠢᠳᠬᠦᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠪᠤᠲᠠᠲᠠᠢ ᠠᠮᠵᠢᠯᠳᠠ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ᠃
    ᠪᠢᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠲᠠᠷᠠᠨ ᠪᠦᠯᠬᠦᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠢ ᠰᠠᠶᠢᠳᠤᠷ ᠬᠢᠬᠦ ᠲᠤᠬᠠᠢ ᠴᠢᠬᠤᠯᠠ ᠦᠭᠦᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠤ ᠢᠯᠡᠯᠲᠡ ᠶᠢ ᠤᠯᠬᠤ᠂ ᠬᠦᠳᠡᠭᠡ ᠲᠤᠰᠬᠤᠨ ᠢ ᠪᠦᠬᠦ ᠲᠠᠯ᠎ᠠ ᠪᠠᠷ ᠬᠦᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠵᠡᠭᠡᠶ᠎ᠡ᠃
︵ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 19 ᠤ ᠴᠠᠬᠢᠯᠭᠠᠨ ᠮᠡᠳᠡᠭᠡ︶
      ︵ ᠲᠡᠭᠦᠰᠪᠡ︶
  
            
              

                        
   1     19.00 
   2     33.00 
   3     47.00 
   
         
 
 
×
 
   2019-04-09 14:04
   105 
    135 
    
1
  



 
   2019-04-10 06:49 
     
        /2019-04-10 
   
 








     
             
   13847635928   qinggis@163.com
           sorqin@sorqin.com
 ICP   12001629  
    15042102000103  